5 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠤᠷᠠᠳ ᠤᠨ ᠡᠮᠦᠨᠡᠲᠦ ᠬᠤᠰᠢᠭᠤᠨ ᠤ ᠨᠣᠮ ᠤᠨ ᠰᠠᠩ ᠨᠢ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠪᠣᠯᠤᠨ ᠰᠢᠩ ᠰᠢᠨ ᠨᠣᠮ ᠤᠨ ᠳᠡᠯᠭᠡᠭᠦᠷ ᠲᠠᠢ ᠬᠤᠯᠪᠤᠭᠠᠯᠠᠨ ᠭᠤᠷᠪᠠᠳᠤᠭᠠᠷ ᠪᠠᠭ᠎ᠠ ᠰᠤᠷᠭᠠᠭᠤᠯᠢ ᠳᠤ ᠨᠣᠮ ᠪᠢᠴᠢᠭ ᠬᠠᠨᠳᠢᠪᠯᠠᠬᠤ | ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠨᠣᠮ ᠤᠨ ᠰᠠᠩ ᠤᠨ ᠠᠵᠢᠯᠲᠠᠳ ᠪᠣᠯᠣᠨ ᠰᠢᠩ ᠰᠢᠨ ᠨᠣᠮ ᠤᠨ ᠳᠡᠯᠭᠡᠭᠦᠷ ᠤᠨ ᠬᠠᠷᠢᠭᠤᠴᠠᠯᠭᠠᠲᠠᠨ ᠨᠠᠷ | ᠲᠣᠰᠠᠬᠠᠶᠢᠯᠠᠨ ᠰᠣᠩᠭᠤᠭᠰᠠᠨ ᠨᠣᠮ ᠪᠢᠴᠢᠭ ᠢᠶᠠᠨ ᠬᠡᠦᠬᠡᠳ ᠤᠳ ᠲᠤ ᠬᠦᠷᠭᠡᠵᠦ᠂ ᠳᠡᠳᠡᠨ ᠳᠤ ᠬᠠᠶᠢᠷ᠎ᠠ ᠬᠠᠯᠠᠮᠵᠢ ᠬᠦᠷᠲᠡᠭᠡᠵᠦ᠂ ᠬᠡᠦᠬᠡᠳ ᠤᠳ ᠡᠳᠡᠭᠡᠷ | ᠬᠠᠨᠳᠢᠪᠯᠡᠭ᠌ᠰᠠᠨ ᠨᠣᠮ ᠪᠢᠴᠢᠭ ᠢ ᠰᠠᠶᠢᠲᠤᠷ ᠬᠡᠷᠡᠭᠯᠡᠵᠦ᠂ ᠴᠢᠷᠮᠠᠶᠢᠨ ᠰᠤᠷᠤᠯᠴᠠᠨ ᠡᠷᠡᠭᠦᠯ ᠢᠶᠠᠷ ᠦᠰᠦᠨ ᠪᠣᠶᠢᠵᠢᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠠᠵᠢᠯ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠣᠯᠬᠤ ᠪᠠᠷ ᠴᠢᠷᠮᠠᠶᠢᠬᠤ ᠶᠢ ᠬᠦᠰᠡᠪᠡ᠃ ᠴᠣ | ᠰᠢᠨ᠎ᠡ ᠨᠣᠮ ᠪᠢᠴᠢᠭ ᠤᠳ ᠨᠢ ᠪᠠᠭᠰᠢ ᠰᠤᠷᠤᠭᠴᠢᠳ ᠤᠨ ᠪᠠᠭ᠋ᠠᠷᠬᠠᠯ ᠢ ᠶᠡᠬᠡᠪᠡᠷ ᠲᠠᠲᠠᠭᠰᠠᠨ ᠪᠠᠶᠢᠨ᠎ᠠ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠳᠤ ︽ᠨᠣᠮ ᠪᠢᠴᠢᠭ ᠬᠦᠷᠭᠡᠬᠦ︾ ᠠᠵᠢᠯᠯᠠᠭ᠎ᠠ ᠪᠣᠯ ︽ ᠪᠢᠴᠢᠭ ᠤᠨ | ᠰᠤᠷᠪᠤᠯᠵᠢᠲᠤ ᠤᠷᠠᠳ᠂ ᠬᠠᠮᠲᠤ ᠪᠠᠷ ᠢᠷᠡᠭᠡᠳᠦᠢ ᠵᠦᠭ ᠤᠷᠤᠭᠰᠢᠯᠠᠶ᠎ᠠ︾ ᠭᠡᠬᠦ ᠪᠥᠬᠦ ᠠᠷᠠᠳ ᠢᠶᠠᠷ ᠢᠶᠠᠨ ᠨᠣᠮ ᠤᠩᠰᠢᠬᠤ ᠰᠢᠷᠢᠰ ᠠᠵᠢᠯᠯᠠᠭ᠎ᠠ ᠶᠢᠨ ᠨᠢᠭᠡ | ᠪᠣᠯᠣᠨ᠎ᠠ᠃ ᠠᠵᠢᠯᠯᠠᠭ᠎ᠠ ᠶᠢ ᠥᠷᠨᠢᠭᠦᠯᠦᠭᠰᠡᠨ ᠨᠢ ᠰᠤᠷᠭᠠᠭᠤᠯᠢ ᠶᠢᠨ ᠨᠣᠮ ᠪᠢᠴᠢᠭ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ᠰᠤᠷᠤᠭᠴᠢᠳ ᠢ ᠨᠣᠮ | ᠪᠢᠴᠢᠭ ᠦᠵᠡᠵᠦ᠂ ᠬᠠᠷᠠᠭ᠎ᠠ ᠪᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠦᠨ᠂ ︽ᠨᠣᠮ ᠪᠢᠴᠢᠭ ᠤᠩᠰᠢᠬᠤ ᠳᠤᠷᠠᠲᠠᠢ᠂ ᠨᠣᠮ ᠪᠢᠴᠢᠭ ᠢᠯᠡᠭᠦᠦ ᠤᠩᠰᠢᠬᠤ᠂ | ᠰᠠᠶᠢᠨ ᠨᠣᠮ ᠪᠢᠴᠢᠭ ᠤᠩᠰᠢᠬᠤ︾ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 300 ᠰᠢᠬᠠᠮ ᠳᠡᠪᠲᠡᠷ᠂ 80 ᠭᠠᠷᠤᠢ ᠵᠦᠢᠯ ᠤᠨ ᠨᠣᠮ ᠪᠢᠴᠢᠭ ᠬᠦᠷᠭᠡᠵᠦ᠂ 7400 ᠲᠥᠭᠦᠷᠢᠭ ᠤᠨ | ᠥᠷᠲᠡᠭ ᠳᠤ ᠬᠦᠷᠦᠭᠰᠡᠨ ᠪᠠᠶᠢᠨ᠎ᠠ᠃ | | | |