5 ᠰᠠᠷ᠎ᠠ ᠶᠢᠨ 24 ᠤ ᠡᠳᠦᠷ᠂ ᠤᠷᠠᠳ ᠤᠨ ᠡᠮᠦᠨᠡᠲᠦ ᠬᠤᠰᠢᠭᠤ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠲᠦᠯᠬᠢᠨ | ᠠᠬᠢᠭᠤᠯᠬᠤ ᠬᠤᠷᠠᠯ ᠬᠤᠷᠠᠯᠳᠤᠭᠤᠯᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ | ᠵᠣᠷᠢᠭ ᠰᠠᠨᠠᠭ᠎ᠠ ᠵᠢᠴᠢ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ︽ᠭᠤᠷᠪᠠᠨ ᠣᠷᠣᠨ | ᠭᠤᠷᠪᠠᠨ ᠱᠤᠭᠤᠮ︾ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ | ᠸᠠᠩ ᠵᠢᠶᠦ᠋ᠨ ᠵᠢᠶᠧ᠂ ᠰᠠᠷᠠᠨᠴᠡᠴᠡᠭ᠂ ᠰᠦ᠋ ᠴᠠᠩ᠂ ᠪᠠᠶᠠᠨᠪᠢᠯᠢᠭ᠌᠂ ᠹᠠᠨ ᠵᠢᠶᠦ᠋ᠨ ᠬᠤᠶ᠂ ᠼᠤᠤ ᠳ᠋ᠦᠩ ᠪᠣᠯᠤᠨ ᠡᠯ᠎ᠡ ᠰᠤᠮᠤ ᠪᠠᠯᠭᠠᠰᠤ᠂ ᠬᠤᠰᠢᠭᠤᠨ ᠤ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | | | | ᠬᠤᠷᠠᠯ ᠠᠴᠠ ᠮᠡᠷᠭᠡᠵᠢᠯ ᠤᠨ ᠨᠢᠭᠡᠴᠢ ᠶᠢᠨ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠢ ᠵᠠᠭᠠᠭᠯᠠᠨ ᠲᠣᠭᠲᠠᠭᠠᠭᠰᠠᠨ ᠠᠩᠬ᠎ᠠ ᠠᠯᠬᠤᠮ ᠤᠨ | ᠦᠷ᠎ᠡ ᠪᠦᠲᠦᠭᠡᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠬᠤᠯᠪᠣᠭᠳᠠᠯ ᠪᠦᠬᠦᠢ ᠵᠠᠰᠠᠪᠤᠷᠢ ᠣᠷᠣᠭᠤᠯᠬᠤ ᠰᠠᠨᠠᠯ | ᠰᠠᠨᠠᠭᠤᠯᠭ᠎ᠠ ᠶᠢ ᠳᠤᠷᠠᠳᠪᠠ︔ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠤ ︽ᠭᠤᠷᠪᠠᠨ ᠣᠷᠣᠨ ᠭᠤᠷᠪᠠᠨ ᠱᠤᠭᠤᠮ︾ ᠢ | ᠵᠠᠭᠠᠭᠯᠠᠨ ᠲᠣᠭᠲᠠᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ ᠲᠠᠷᠢᠶᠠᠨ ᠭᠠᠵᠠᠷ ᠤᠨ | ᠬᠠᠮᠠᠭᠠᠯᠠᠯᠲᠠ ᠵᠢᠴᠢ ᠦᠨᠳᠦᠰᠦᠨ ᠲᠠᠷᠢᠶᠠᠨ ᠭᠠᠵᠠᠷ ᠤᠨ ᠲᠣᠬᠢᠷᠠᠭᠤᠯᠤᠯᠲᠠ ᠶᠢᠨ ᠪᠣᠳᠠᠲᠠᠢ ᠭᠡᠷᠡᠴᠢ ᠳᠤᠷᠠᠳᠬᠤ ᠮᠠᠲ᠋ᠧᠷᠢᠶᠠᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠭᠤᠷᠪᠠᠨ ᠣᠷᠣᠨ ᠭᠤᠷᠪᠠᠨ ᠱᠤᠭᠤᠮ︾ ᠨᠢ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ | ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢ ᠲᠦᠯᠬᠢᠨ ᠠᠬᠢᠭᠤᠯᠬᠤ ᠳᠤ ᠳᠠᠪᠠᠵᠤ ᠪᠣᠯᠣᠰᠢ ᠦᠭᠡᠢ ᠤᠯᠠᠭᠠᠨ ᠱᠤᠭᠤᠮ | ᠪᠣᠯᠤᠭᠰᠠᠨ ᠤ ᠬᠤᠪᠢ ᠳᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠵᠠᠩᠭᠢᠯᠠᠭ᠎ᠠ ᠪᠣᠯᠵᠤ᠂ | ᠬᠤᠶᠢᠰᠢᠳᠠ ᠶᠢᠨ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠨ᠎ᠠ᠃ ᠡᠯ᠎ᠡ | ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠴᠢᠨᠠᠷ ᠰᠠᠶᠢᠲᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠦᠨᠳᠦᠰᠦᠨ ᠵᠠᠷᠴᠢᠮ ᠶᠣᠰᠣᠭᠠᠷ᠂ ᠪᠥᠬᠦ ᠲᠠᠯ᠎ᠠ ᠪᠠᠷ | ᠲᠥᠯᠥᠪᠵᠢᠭᠦᠯᠬᠦ᠂ ᠰᠠᠭᠤᠷᠢ ᠪᠠᠨ ᠨᠢᠭᠡᠳᠬᠡᠬᠦ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠥᠲᠥᠯᠥᠨ | ᠵᠢᠯᠤᠭᠤᠳᠴᠤ ᠬᠠᠮᠢᠶᠠᠷᠤᠨ ᠡᠵᠡᠮᠳᠡᠬᠦ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ︔ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠠ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠤᠷᠢᠳᠠᠪᠠᠷ ᠵᠠᠭᠠᠭᠯᠠᠨ ᠲᠣᠭᠲᠠᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠬᠤᠲᠠ | ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ ᠬᠥᠮᠥᠨ ᠠᠮᠠ ᠪᠠ ᠡᠬᠢ ᠪᠠᠶᠠᠯᠢᠭ ᠣᠷᠴᠢᠨ ᠲᠣᠭᠤᠷᠢᠨ ᠤ | ᠳᠠᠭᠠᠭᠠᠬᠤ ᠴᠢᠳᠠᠪᠤᠷᠢ ᠶᠢ ᠶᠡᠷᠦᠩᠬᠡᠶᠢᠯᠡᠨ ᠪᠣᠳᠣᠯᠬᠢᠯᠠᠵᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠡᠷᠡᠭᠯᠡᠬᠦ ᠭᠠᠵᠠᠷ ᠤᠨ ᠪᠦᠲᠦᠴᠡ ᠶᠢ ᠰᠢᠯᠢᠳᠡᠭᠵᠢᠭᠦᠯᠦᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ | ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | | |