ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/5/25
     5 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ᠂ ᠪᠠᠶᠠᠨᠨᠠᠭᠤᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠨᠢᠭᠡᠴᠢ ᠶᠢᠨ ᠬᠠᠷᠢᠭᠤᠴᠠᠯᠭᠠᠲᠠᠨ᠂ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠠᠷ᠎ᠠ ᠪᠣᠯᠪᠠ᠃     ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠪᠠᠶᠢᠴᠠᠭᠠᠬᠤ ᠬᠤᠪᠢᠶᠠᠷᠢ ᠡᠮᠴᠢᠯᠡᠭᠡᠨ ᠤ ᠭᠠᠵᠠᠷ᠂ ᠠᠮᠢᠰᠬᠤᠯ ᠬᠢᠭᠡᠳ ᠬᠦᠨᠳᠦ ᠲᠦᠭᠰᠢᠭᠦᠷᠢᠲᠡᠶ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ ᠡᠭᠦᠳᠡᠨ ᠡᠮᠨᠡᠯᠭᠡ᠂ ᠬᠠᠯᠠᠭᠤᠷᠠᠬᠤ ᠡᠪᠡᠳᠴᠢᠨ ᠤ ᠡᠭᠦᠳᠡᠨ ᠡᠮᠨᠡᠯᠭᠡ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠯᠠᠪᠯᠠᠨ ᠠᠰᠠᠭᠤᠬᠤ ᠵᠡᠷᠭᠡ ᠬᠡᠯᠪᠡᠷᠢ ᠪᠠᠷ᠂ ᠲᠣᠰ ᠬᠤᠷᠢᠶᠠᠨ ᠤ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠪᠠᠶᠢᠷᠢᠯᠠᠭᠤᠯᠤᠯᠲᠠ ᠪᠠ ᠠᠵᠢᠯ ᠤᠨ ᠶᠠᠪᠤᠴᠠ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠬᠦ ᠴᠢᠳᠠᠪᠤᠷᠢ᠂ ᠬᠠᠯᠠᠭᠤᠷᠠᠯ ᠤᠨ ᠡᠪᠡᠳᠴᠢᠲᠡᠨ ᠤ ᠲᠠᠬᠤᠯ ᠡᠪᠡᠳᠴᠢᠨ ᠤ ᠤᠬᠠᠭᠠᠨ ᠤ ᠵᠢᠭᠰᠠᠭᠠᠨ ᠪᠠᠶᠢᠴᠠᠭᠠᠯᠲᠠ ᠪᠠ ᠮᠡᠳᠡᠭᠦᠯᠦᠯᠲᠡ ᠶᠢᠨ ᠬᠠᠷᠢᠭᠤᠴᠠᠯᠭ᠎ᠠ ᠶᠢᠨ ᠲᠦᠷᠢᠮ᠂ ᠠᠩᠬ᠎ᠠ ᠣᠨᠣᠰᠢᠯᠠᠬᠤ ᠡᠮᠴᠢ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠬᠤ ᠶᠢᠨ ᠬᠠᠮᠲᠤ 15 ᠡᠮᠨᠡᠯᠭᠡ ᠶᠢᠨ ᠠᠵᠢᠯᠲᠠᠨ ᠢ ᠰᠣᠩᠭᠤᠨ ᠭᠠᠷᠭᠠᠵᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠣᠨᠣᠰᠢᠯᠠᠯᠲᠠ ᠶᠢᠨ ᠮᠡᠳᠡᠯᠭᠡ ᠶᠢᠨ ᠰᠢᠯᠭᠠᠯᠲᠠ ᠬᠢᠯᠭᠡᠪᠡ᠃     ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠱᠠᠯᠠᠪᠳᠠᠭᠤᠯᠤᠨ ᠵᠢᠯᠣᠭᠤᠳᠴᠤ ᠳᠠᠭᠤᠰᠤᠭᠰᠠᠨ ᠤ ᠳᠠᠷᠠᠭ᠎ᠠ᠂ ᠡᠮᠨᠡᠯᠭᠡ ᠶᠢᠨ ᠬᠤᠷᠢᠶ᠎ᠠ ᠠᠴᠠ ᠡᠯ᠎ᠡ ᠰᠠᠯᠠᠭ᠎ᠠ ᠲᠠᠰᠤᠭ ᠢ ᠵᠣᠬᠢᠶᠠᠨ ᠪᠠᠶᠢᠭᠤᠯᠵᠤ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠳᠤ ᠴᠢᠭᠯᠡᠭᠦᠯᠦᠨ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠦᠭᠡᠷᠡᠴᠢᠯᠡᠯᠲᠡ ᠬᠢᠬᠦ ᠬᠡᠷᠡᠭᠲᠡᠢ ᠬᠡᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ