ᠰᠢᠨ ᠠᠨ ᠪᠠᠯᠭᠠᠰᠤ ︿︿  ᠬᠤᠪᠢᠰᠬᠠᠯ ᠤᠨ ᠨᠤᠮ ᠤᠩᠰᠢᠵᠤ᠂ ᠬᠤᠪᠢᠰᠬᠠᠯ ᠤᠨ ᠵᠤᠷᠢᠭ ᠰᠠᠨᠠᠭ᠎ᠠ ᠶᠢ ᠤᠬᠠᠬᠤ﹀﹀  ᠨᠠᠮ ᠤᠨ ᠬᠢᠴᠢᠶᠡᠯ ᠤᠷᠤᠬᠤ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/5/26
    5 ᠰᠠᠷ᠎ᠠ ᠶᠢᠨ 23 ᠤ ᠡᠳᠦᠷ᠂ ᠰᠢᠨ ᠠᠨ ᠪᠠᠯᠭᠠᠰᠤ ︿︿  ᠬᠤᠪᠢᠰᠬᠠᠯ ᠤᠨ ᠨᠤᠮ ᠤᠩᠰᠢᠵᠤ᠂ ᠬᠤᠪᠢᠰᠬᠠᠯ ᠤᠨ ᠵᠤᠷᠢᠭ ᠰᠠᠨᠠᠭ᠎ᠠ ᠶᠢ ᠤᠬᠠᠬᠤ﹀﹀  ᠨᠠᠮ  ᠤᠨ ᠬᠢᠴᠢᠶᠡᠯ ᠤᠷᠤᠬᠤ ᠰᠢᠷᠢᠰ ᠠᠵᠢᠯᠯᠠᠭ᠎ᠠ  ᠦᠷᠨᠢᠬᠦᠯᠵᠦ᠂ ᠡᠯ᠎ᠡ ᠲᠤᠰᠬᠤᠨ ᠤ ᠨᠠᠮ ᠤᠨ ᠡᠬᠦᠷ ᠤᠨ ᠱᠦᠵᠢ᠂ ᠦᠷᠳᠡᠬᠡᠨ ᠤ ᠠᠯᠪᠠᠨ ᠬᠡᠷ ᠤᠨ ᠲᠠᠷᠤᠭ᠎ᠠ᠂ ᠭᠠᠵᠠᠷ ᠤᠨ ᠲᠠᠷᠤᠭ᠎ᠠ᠂ ᠪᠠᠯᠭᠠᠰᠣᠨ ᠤ ᠺᠠᠳ᠋ᠷ ᠨᠡᠶᠢᠳᠡ70 ᠭᠠᠷᠤᠢ ᠬᠦᠮᠦᠨ ᠤᠷᠤᠯᠴᠠᠪᠠ᠃     ᠬᠤᠷᠠᠯ ᠲᠡᠭᠡᠷ᠎ᠡ ᠪᠠᠯᠭᠠᠰᠣᠨ ᠤ ᠨᠠᠮ ᠤᠨ ᠱᠦᠵᠢ ᠶᠠᠩ ᠶᠦᠩ ᠵᠢᠶᠦ᠋ᠨ ᠨᠦᠬᠦᠷ ᠠᠴᠠ ᠲᠡᠷᠢᠬᠦᠯᠡᠭᠴᠢ ᠶᠢᠨ ︿︿ᠲᠤᠯᠤᠭᠠᠨ ᠰᠠᠷ᠎ᠠ ᠶᠢᠨ ᠨᠢᠬᠡᠨ ᠤ ᠭᠠᠪᠢᠶᠠᠨ ᠲᠡᠮᠳᠡᠭ﹀﹀ ᠤᠯᠭᠤᠬᠤ ᠶᠤᠰᠤᠯᠠᠯ ᠲᠡᠭᠡᠷᠡᠬᠢ ᠶᠡᠷᠢᠶᠠᠨ ᠤ ᠵᠤᠷᠢᠭ ᠰᠠᠨᠠᠭ᠎ᠠ ᠶᠢᠨ ᠲᠤᠭᠤᠷᠢᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ ᠬᠦᠮᠦᠨ  ᠤ ᠢᠳᠡᠬᠡᠯ ᠵᠤᠷᠢᠭ ᠢᠶᠠᠨ ᠬᠦᠪᠴᠢᠯᠡᠵᠦ᠂ ᠵᠤᠷᠢᠯᠳᠠ ᠪᠠᠨ ᠦᠢᠯᠡᠳᠦᠯᠬᠡᠵᠢᠬᠦᠯᠵᠦ᠂ ᠬᠠᠳᠠᠭᠤᠵᠢᠯᠳᠠᠢ ᠴᠢᠷᠮᠠᠶᠢᠨ ᠠᠵᠢᠯᠯᠠᠵᠤ᠂ ᠠᠷᠢᠭᠤᠨ ᠴᠢᠬᠡᠴᠢ ᠪᠠᠷ ᠭᠤᠶᠠᠴᠢ ᠦᠬᠡᠢ ᠵᠢᠳᠬᠦᠬᠦ ᠡᠷᠬᠢᠮ ᠲᠡᠭᠡᠳᠦ ᠵᠠᠩ ᠴᠢᠨᠠᠷ ᠪᠠ ᠵᠤᠷᠢᠭ ᠰᠠᠨᠠᠭ᠎ᠠ ᠶᠢ ᠲᠦᠬᠦᠮ ᠢᠶᠠᠷ ᠲᠠᠨᠢᠯᠴᠠᠭᠤᠯᠵᠤ᠂ ᠦᠷᠬᠡᠨ ᠤᠯᠠᠨ ᠨᠠᠮ ᠤᠨ ᠬᠡᠰᠢᠬᠦᠳ ᠤᠨ ᠢᠳᠡᠬᠡᠯ ᠪᠢᠰᠢᠷᠡᠯ ᠤᠨ ᠰᠠᠭᠤᠷᠢ ᠪᠠᠨ ᠲᠠᠰᠤᠷᠠᠯᠳᠠ ᠦᠬᠡᠢ ᠪᠠᠬᠢᠵᠢᠬᠦᠯᠵᠦ᠂ ᠤᠶᠤᠨ ᠰᠠᠨᠠᠭᠠᠨ ᠤ ᠰᠢᠮ᠎ᠡ ᠲᠡᠵᠢᠬᠡᠯ ᠢ ᠬᠦᠢᠴᠡᠳ ᠨᠦᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢᠶᠠᠨ ᠪᠠᠳᠤ ᠡᠵᠡᠮᠳᠡᠵᠦ᠂ ᠤᠬᠠᠮᠰᠠᠷ ᠠᠴᠠ ᠪᠠᠨ ᠨᠠᠮ ᠤᠨ ᠦᠬᠡ ᠶᠢ ᠰᠤᠨᠤᠰᠤᠨ ᠨᠠᠮ ᠢᠶᠠᠨ ᠡᠷᠡᠰ ᠲᠠᠭᠠᠵᠤ᠂ ᠨᠠᠮ ᠤᠨ ᠬᠡᠰᠢᠬᠦᠨ ᠤ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠳᠤ ᠴᠢᠨᠠᠷ ᠢ ᠦᠨᠡᠨᠬᠦ ᠴᠢᠩᠭᠠᠳᠬᠠᠵᠤ᠂ ᠡᠪ ᠬᠠᠮᠳᠤ ᠨᠠᠮ ᠤᠨ ᠬᠡᠰᠢᠬᠦᠨ ᠤ ᠬᠤᠰᠢᠭᠤᠴᠢ ᠦᠢᠯᠡᠳᠦᠯ ᠢ ᠬᠦᠢᠴᠡᠳ ᠢᠯᠡᠷᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠨᠢᠬᠡᠳᠦᠬᠡᠷ ᠪᠠᠶᠢᠷᠢᠨ ᠳᠤ ᠲᠠᠯᠪᠢᠵᠦ᠂ ᠲᠠᠭᠤᠷᠢᠶᠠᠯ ᠦᠵᠡᠬᠦᠯᠦᠨ ᠵᠢᠱᠢᠶᠡᠴᠢ ᠦᠢᠯᠡᠳᠦᠯ ᠢᠶᠠᠨ ᠪᠠᠳᠠᠷᠠᠭᠤᠯᠤᠨ᠂ ᠨᠢᠬᠡᠳᠦᠬᠡᠷ ᠹᠷᠤᠨᠲ ᠲᠤ ᠭᠠᠪᠰᠢᠭᠠᠶᠢᠯᠠᠨ᠂ ᠡᠷᠡᠰ ᠪᠠᠳᠤ ᠦᠵᠡᠯ ᠰᠠᠨᠠᠭ᠎ᠠ ᠢᠳᠡᠬᠡᠯ ᠪᠢᠰᠢᠷᠡᠯ ᠢᠶᠠᠷ ᠢᠶᠠᠨ ᠨᠠᠮ ᠳᠠᠭᠠᠨ ᠦᠨᠡᠨᠴᠢ ᠰᠢᠳᠣᠷᠭᠤ ᠪᠠᠶᠢᠬᠤ ᠰᠡᠳᠬᠢᠯᠬᠡ  ᠪᠠᠨ ᠲᠠᠪᠳᠠᠨ ᠪᠤᠯᠪᠠᠰᠤᠷᠠᠭᠤᠯᠬᠤ ᠶᠢ ᠴᠢᠬᠤᠯᠠᠴᠢᠯᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ