ᠤᠷᠠᠳ ᠤᠨ ᠡᠮᠦᠨᠡᠲᠦ ᠬᠤᠰᠢᠭᠤ 2022 ᠣᠨ ᠤ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/26
     5 ᠰᠠᠷ᠎ᠠ ᠶᠢᠨ 25 ᠤ ᠦᠳᠡ ᠶᠢᠨ ᠡᠮᠦᠨ᠎ᠡ᠂ ᠤᠷᠠᠳ ᠤᠨ ᠡᠮᠦᠨᠡᠲᠦ ᠬᠤᠰᠢᠭᠤᠨ ᠤ 2022 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠤᠷᠠᠯ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠬᠤᠷᠠᠯᠳᠤᠪᠠ᠃ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ  ᠪᠠᠶᠠᠨᠪᠢᠯᠢᠭ᠌ ᠬᠤᠷᠠᠯ ᠳᠤ ᠣᠷᠣᠯᠴᠠᠵᠤ᠂ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠭᠡᠰᠢᠭᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠦᠬᠦᠢ ᠲᠠᠰᠤᠭ ᠪᠠ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

食品药品安全1.jpg

    ᠬᠤᠷᠠᠯ ᠠᠴᠠ ᠡᠮᠦᠨ᠎ᠡ ᠬᠤᠷᠠᠯ ᠳᠤ ᠣᠷᠣᠯᠴᠠᠭᠰᠠᠳ ᠲᠤ ︽ᠤᠷᠠᠳ ᠤᠨ ᠡᠮᠦᠨᠡᠲᠦ ᠬᠤᠰᠢᠭᠤᠨ ᠤ 2022 ᠣᠨ ᠤ ᠢᠳᠡᠭᠡᠨ ᠤ ᠠᠮᠤᠷ ᠲᠦᠪᠰᠢᠨ ᠤ

ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠵᠢᠴᠢ ︽2022 ᠣᠨ ᠤ ᠤᠷᠠᠳ ᠤᠨ ᠡᠮᠦᠨᠡᠲᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ

ᠲᠦᠪᠰᠢᠨ ᠤ ᠠᠵᠢᠯ ᠤᠨ ᠬᠢᠨᠠᠨ ᠰᠢᠯᠭᠠᠬᠤ ᠨᠠᠷᠢᠨ ᠳᠦᠷᠢᠮ︾ ᠢ ᠨᠢᠭᠡᠳᠦᠯᠲᠡᠢ ᠲᠠᠷᠬᠠᠭᠠᠭᠰᠠᠨ ᠪᠥᠭᠡᠳ ︽ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ

ᠵᠦᠢᠯᠡᠰ ᠢ ᠰᠢᠪᠠᠳᠠᠨ ᠨᠠᠶᠢᠳᠠᠪᠤᠷᠢᠵᠢᠭᠤᠯᠬᠤ ᠠᠷᠭ᠎ᠠ︾ ᠪᠠ ︽ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠢ ᠪᠣᠯᠵᠣᠨ ᠶᠠᠷᠢᠯᠴᠠᠬᠤ ᠲᠦᠷ ᠬᠡᠷᠡᠭᠵᠢᠭᠦᠯᠬᠦ

ᠠᠷᠭ᠎ᠠ︾ ᠶᠢ  ᠳᠠᠮᠵᠢᠭᠤᠯᠤᠨ ᠲᠠᠷᠬᠠᠭᠠᠪᠠ᠃ ᠡᠯ᠎ᠡ ᠪᠦᠷᠢᠯᠳᠦᠭᠦᠨ ᠨᠢᠭᠡᠴᠢ ᠶᠢᠨ ᠬᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂

ᠦᠵᠡᠯ ᠰᠠᠨᠠᠭ᠎ᠠ ᠪᠠᠨ ᠨᠢᠭᠡᠳᠬᠡᠨ᠂ ᠬᠠᠷᠠᠯᠲᠠ ᠪᠠᠨ ᠲᠣᠳᠣᠷᠬᠠᠶᠢᠯᠠᠵᠤ᠂ ᠰᠡᠳᠬᠢᠴᠡ ᠪᠠᠨ ᠲᠣᠳᠣᠷᠬᠠᠢ ᠪᠣᠯᠭᠠᠨ᠂ ᠬᠠᠷᠢᠭᠤᠴᠠᠯᠭ᠎ᠠ ᠪᠠᠨ ᠪᠠᠲᠤᠳᠬᠠᠵᠤ᠂ ᠪᠥᠬᠦ

ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠠᠷᠠᠳ ᠣᠯᠠᠨ ᠤ

︽ᠢᠳᠡᠭᠡᠨ ᠤᠮᠳᠠᠭᠠᠨ ᠤ ᠠᠮᠤᠷ ᠲᠦᠪᠰᠢᠨ︾ ᠢ ᠴᠢᠷᠮᠠᠶᠢᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

食品药品安全2.jpg

    ᠬᠤᠷᠠᠯ ᠳᠡᠭᠡᠷ᠎ᠡ᠂  ᠳᠡᠳ᠋ ᠬᠤᠰᠢᠭᠤ ᠳᠠᠷᠤᠭ᠎ᠠ ᠪᠠᠶᠠᠨᠪᠢᠯᠢᠭ᠌ ᠴᠢᠬᠤᠯᠠ ᠶᠠᠷᠢᠶ᠎ᠠ ᠲᠠᠯᠪᠢᠪᠠ ᠃ ᠲᠡᠷᠡ ᠵᠢᠭᠠᠵᠤ ᠭᠠᠷᠭᠠᠭᠰᠠᠨ ᠨᠢ᠄ ᠢᠳᠡᠭᠡᠨ ᠪᠠ ᠡᠮ ᠤᠨ

ᠵᠦᠢᠯ ᠤᠨ ᠠᠮᠤᠷ ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠰᠢᠭᠤᠳ ᠬᠤᠯᠪᠣᠭᠳᠠᠵᠤ᠂

ᠣᠯᠠᠨ ᠲᠦᠮᠡᠨ ᠤ ᠬᠠᠮᠤᠭ  ᠠᠴᠠ ᠢᠯᠡᠭᠦᠦ ᠠᠩᠬᠠᠷᠴᠤ᠂ ᠨᠡᠶᠢᠭᠡᠮ ᠨᠡᠶᠢᠲᠡ ᠶᠢᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠬᠠᠯᠠᠭᠤᠨ ᠴᠡᠭ ᠤᠨ ᠶᠠᠷᠢᠶᠠᠨ ᠤ

ᠰᠡᠳᠦᠪ ᠪᠣᠯᠣᠭᠰᠠᠭᠠᠷ ᠢᠷᠡᠵᠡᠶ᠃ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠭᠦᠨ ᠨᠢᠭᠡᠴᠢ ᠪᠣᠯᠣᠨ ᠰᠤᠮᠤ

ᠪᠠᠯᠭᠠᠰᠤ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠢᠳᠡᠭᠡᠨ ᠪᠠ ᠡᠮ ᠤᠨ ᠵᠦᠢᠯ ᠤᠨ

ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ

ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠴᠢᠩᠭ᠎ᠠ ᠠᠳᠬᠤᠨ ᠴᠢᠩᠭ᠎ᠠ ᠡᠵᠡᠮᠳᠡᠨ ᠴᠢᠩᠭ᠎ᠠ ᠬᠠᠮᠢᠶᠠᠷᠴᠤ᠂

ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠡᠲᠡᠭᠡᠳ ᠲᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠦᠷᠭᠦᠯᠵᠢᠯᠡᠨ

ᠥᠷᠨᠢᠭᠦᠯᠬᠦ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠬᠠᠮ

ᠠᠷᠭ᠎ᠠ ᠪᠠᠷᠢᠯ ᠢ ᠰᠠᠶᠢᠲᠤᠷ ᠬᠡᠷᠡᠭᠵᠢᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ

ᠡᠭᠦᠳᠦᠨ ᠪᠠᠶᠢᠭᠤᠯᠬᠤ ᠥᠷᠨᠢᠯᠲᠡ ᠶᠢ ᠲᠦᠷᠭᠡᠨ ᠪᠣᠶ ᠪᠣᠯᠭᠠᠬᠤ ᠬᠡᠷᠡᠭᠲᠡᠢ᠃ ᠳᠥᠷᠪᠡ ᠳᠤ᠂ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠠᠶᠤᠯ

ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠪᠦᠬᠦᠨ ᠢ ᠪᠦᠷᠬᠦᠭᠦᠯᠦᠭᠰᠡᠨ ᠬᠢᠨᠠᠯᠲᠠ ᠬᠠᠮᠢᠶᠠᠷᠤᠯᠲᠠ ᠶᠢ

ᠪᠡᠶᠡᠯᠡᠭᠦᠯᠵᠦ᠂ ᠬᠢᠨᠠᠨ ᠬᠠᠮᠢᠶᠠᠷᠴᠤ ᠵᠢᠭᠰᠠᠭᠠᠨ ᠪᠠᠶᠢᠴᠠᠭᠠᠬᠤ ᠳᠤ  ᠵᠦᠪᠬᠡᠨ ᠨᠢᠭᠤᠷ ᠲᠠᠯ᠎ᠠ ᠶᠢᠨ ᠠᠵᠢᠯ ᠢ ᠬᠢᠬᠦ ᠶᠢ ᠡᠷᠡᠰ ᠬᠤᠷᠢᠭᠯᠠᠵᠤ᠂ ᠠᠶᠤᠯ ᠲᠦᠭᠰᠢᠭᠦᠷᠢ ᠶᠢᠨ

ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠡᠷᠡ ᠴᠢᠬᠤᠯᠠᠴᠢᠯᠠᠭᠰᠠᠨ ᠨᠢ᠄ ᠢᠳᠡᠭᠡᠨ ᠤ ᠠᠮᠤᠷ

ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠬᠦᠨᠳᠦ᠂ ᠡᠯ᠎ᠡ  ᠨᠢᠭᠡᠴᠢ ᠶᠢᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠠᠭᠤᠷᠢ

ᠱᠤᠭᠤᠮ ᠤᠨ ᠰᠡᠳᠬᠢᠬᠦᠢ  ᠶᠢ ᠪᠠᠲᠤ ᠪᠤᠶ ᠪᠣᠯᠭᠠᠵᠤ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠨᠡᠩ ᠡᠷᠡᠰ ᠴᠢᠩᠭ᠎ᠠ

ᠣᠪᠣᠷ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠴᠢᠩᠭ᠎ᠠ ᠪᠣᠳᠠᠲᠠᠢ  ᠣᠪᠤᠷ ᠢᠶᠠᠷ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠢᠳᠡᠭᠡᠨ ᠪᠠ

ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠠᠳᠬᠤᠵᠤ᠂  ᠢᠳᠡᠭᠡᠨ ᠪᠠ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠢ

ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠣᠯᠣᠨ ᠤᠯᠤᠰ ᠤᠨ ᠢᠳᠡᠭᠡᠨ ᠤ

ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠷᠢᠨ ᠪᠣᠳᠠᠲᠠᠢ

ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠡᠷᠡᠰ ᠪᠠᠲᠤ ᠪᠠᠶᠢᠭᠤᠯᠵᠤ᠂ ︽

ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂

ᠭᠠᠷᠮᠠᠭᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ

ᠭᠠᠷᠭᠠᠪᠠ᠃

    ᠬᠤᠷᠠᠯ ᠤᠨ ᠡᠴᠦᠰ ᠲᠤ᠂ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠴᠦᠨ ᠷᠦᠩ ᠨᠥᠬᠦᠷ 2021 ᠣᠨ ᠤ ᠪᠥᠬᠦ ᠬᠤᠰᠢᠭᠤᠨ ᠤ ᠢᠳᠡᠭᠡᠨ ᠪᠠ ᠡᠮ ᠤᠨ

ᠵᠦᠢᠯ ᠤᠨ ᠠᠮᠤᠷ ᠲᠦᠪᠰᠢᠨ ᠤ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠥᠬᠦᠷᠡᠰᠢ

ᠦᠭᠡᠢ ᠰᠠᠶᠢᠲᠤᠷ ᠠᠳᠬᠤᠬᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ᠂ ᠪᠦᠬᠦ ᠬᠡᠯᠬᠢᠶ᠎ᠡ ᠶᠢᠨ

ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠴᠢᠩᠭᠠᠳᠬᠠᠬᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ

ᠴᠢᠩᠭ᠎ᠠ ᠴᠣᠬᠢᠯᠲᠠ ᠥᠭᠬᠦ᠂ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ᠂ ᠬᠢᠨᠠᠨ ᠬᠠᠮᠢᠶᠠᠷᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠵᠡᠷᠭᠡ

ᠲᠤᠯᠤᠭᠠᠨ ᠲᠠᠯ᠎ᠠ ᠠᠴᠠ 2022 ᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠨᠠᠷᠢᠨ ᠨᠢᠭᠲᠠ ᠪᠠᠶᠢᠷᠢᠯᠠᠭᠤᠯᠬᠤ ᠶᠢᠨ ᠬᠠᠮᠲᠤ᠂

ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠪᠠ᠃

    ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ

ᠭᠡᠰᠢᠭᠦᠨ  ᠨᠢᠭᠡᠴᠢ ᠶᠢᠨ ᠨᠢᠭᠡ ᠪᠣᠯᠤᠭᠰᠠᠨ ᠤ  ᠬᠤᠪᠢ ᠳᠤ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂

ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠶᠠᠪᠤᠴᠠ ᠶᠢᠨ ᠬᠢᠨᠠᠨ ᠬᠠᠮᠢᠶᠠᠷᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽

ᠳᠦᠷᠪᠡᠨ ᠳᠦᠷᠦᠯ ᠤᠨ ᠡᠮ︾  ᠤᠨ ᠬᠠᠷᠠᠭᠤᠯ ᠤᠨ ᠭᠠᠵᠠᠷ ᠤᠨ ᠬᠢᠨᠠᠨ ᠬᠡᠮᠵᠢᠬᠦ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠢᠳᠡᠭᠡᠨ ᠪᠠ ᠡᠮ ᠤᠨ

ᠵᠦᠢᠯᠡᠰ ᠤᠨ ᠠᠮᠤᠷ ᠲᠦᠪᠰᠢᠨ ᠤ ᠵᠠᠰᠠᠯᠲᠠ ᠶᠢᠨ  ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠤᠯᠠᠨ ᠤ

ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ

ᠭᠡᠪᠡ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ