ᠤᠷᠠᠳ ᠤᠨ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠠᠷᠢᠯᠴᠠᠨ ᠦᠨᠡᠯᠡᠵᠦ ᠬᠠᠷᠢᠯᠴᠠᠨ ᠪᠠᠶᠢᠴᠠᠭᠠᠬᠤ ᠶᠢ ᠤᠭᠲᠤᠪᠠ
ᠨᠡᠶᠢᠲᠡᠯᠡᠭᠰᠡᠨ ᠴᠠᠭ᠄
2022/5/26
    ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠬᠠᠷᠢᠯᠴᠠᠨ ᠦᠨᠡᠯᠡᠵᠦ ᠬᠠᠷᠢᠯᠴᠠᠨ ᠪᠠᠶᠢᠴᠠᠭᠠᠬᠤ ᠠᠵᠢᠯ ᠤᠨ ᠳᠤᠭᠤᠶᠢᠯᠠᠩ  ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠡᠯᠡᠨ ᠪᠠᠶᠢᠴᠠᠭᠠᠪᠠ᠃    ᠠᠵᠢᠯᠯᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂  ᠰᠤᠳᠠᠯ ᠤᠨ ᠬᠤᠳᠳᠤᠭ ᠪᠠᠯᠭᠠᠰᠤ᠂ ᠶᠡᠭᠡ  ᠰᠢᠭᠡᠲᠡᠢ ᠪᠠᠯᠭᠠᠰᠤ᠂ ᠰᠢ ᠰᠢᠶᠣᠣ ᠵᠣᠣ ᠪᠠᠯᠭᠠᠰᠤ᠂ ᠰᠢᠨ ᠠᠨ ᠪᠠᠯᠭᠠᠰᠤ᠂ ᠪᠠᠶᠠᠨᠬᠤᠸᠠ ᠪᠠᠯᠭᠠᠰᠤ᠂ ᠮᠤᠨᠠ ᠠᠭᠤᠯᠠ ᠪᠠᠯᠭᠠᠰᠤ᠂ ᠰᠢᠶᠠᠨ ᠹᠧᠩ ᠪᠠᠯᠭᠠᠰᠤ ᠵᠡᠷᠭᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠠ ᠬᠡᠰᠡᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠳᠦᠷᠢᠮ ᠤᠨ ᠪᠠᠶᠢᠭᠤᠯᠤᠯᠲᠠ᠂ ᠴᠢᠳᠠᠮᠵᠢ ᠶᠢᠨ ᠲᠠᠰᠤᠭ ᠤᠨ ᠪᠠᠶᠢᠭᠤᠯᠤᠯᠲᠠ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠠᠵᠢᠯᠯᠠᠬᠤ ᠳᠤᠭᠤᠶᠢᠯᠠᠩ ᠨᠢ ᠡᠮᠦᠨᠡᠲᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠶᠢᠭᠠᠳ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠬᠤ ᠵᠡᠷᠭᠡ ᠠᠵᠢᠯ ᠢ ᠭᠦᠢᠴᠡᠳ ᠨᠤᠲᠠᠯᠠᠵᠤ᠂ ᠬᠡᠰᠡᠭ ᠭᠠᠵᠠᠷ ᠪᠠ ᠥᠷᠲᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ᠂ ᠣᠯᠠᠨ ᠲᠦᠮᠡᠨ ᠤ ᠺᠣᠳ᠋ ᠰᠢᠷᠪᠢᠵᠦ  ᠵᠠᠬᠢᠶᠠᠯᠠᠬᠤ ᠪᠠ ᠦᠨᠡᠯᠡᠯᠲᠡ ᠬᠢᠬᠦ᠂ ᠨᠤᠲᠤᠭ ᠤᠨ ᠠᠶᠠᠯᠭᠤ ᠶᠢᠨ ᠵᠢᠭᠠᠨ ᠰᠤᠷᠭᠠᠬᠤ ᠭᠠᠵᠠᠷ ᠵᠡᠷᠭᠡ ᠦᠢᠯᠡᠴᠢᠯᠡᠭᠡ ᠶᠢ ᠳᠡᠭᠡᠳᠦ ᠬᠡᠮᠵᠢᠶ᠎ᠡ ᠪᠠᠷ ᠦᠨᠡᠯᠡᠵᠡᠢ᠃ ᠠᠵᠢᠯᠯᠠᠬᠤ ᠳᠤᠭᠤᠶᠢᠯᠠᠩ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ︽ᠪᠠᠶᠢᠭᠤᠯᠤᠯᠲᠠ ᠶᠢᠨ ᠪᠠᠷᠢᠮᠵᠢᠶ᠎ᠠ︾︽ᠦᠨᠡᠯᠡᠨ ᠵᠢᠱᠢᠬᠦ ᠨᠠᠷᠢᠨ ᠳᠦᠷᠢᠮ︾  ᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠲᠣᠭᠲᠠᠭᠰᠠᠨ ᠬᠤᠭᠤᠴᠠᠭᠠᠨ ᠳᠠᠭᠠᠨ ᠬᠠᠷᠠᠯᠲᠠ ᠱᠠᠭᠠᠷᠳᠠᠯᠭ᠎ᠠ ᠳᠤ ᠬᠦᠷᠬᠦ ᠶᠢ ᠪᠠᠲᠤᠯᠠᠬᠤ ᠬᠡᠷᠡᠭᠲᠡᠢ︔ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡ ᠪᠠ ᠬᠠᠮᠲᠤ ᠪᠠᠷ ᠬᠠᠪᠰᠤᠷᠴᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠲᠦᠷᠦᠯ ᠵᠦᠢᠯᠴᠢᠯᠡᠬᠦ᠂ ᠨᠠᠷᠢᠯᠢᠭ ᠣᠨᠣᠴᠠᠵᠢᠭᠤᠯᠬᠤ᠂ ᠲᠦᠷᠦᠯ ᠲᠡᠮᠳᠡᠭᠵᠢᠭᠦᠯᠬᠦ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠲᠤᠷᠠᠳᠪᠠ᠃     ᠬᠠᠷᠢᠯᠴᠠᠨ ᠦᠨᠡᠯᠡᠵᠦ ᠬᠠᠷᠢᠯᠴᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠬᠦ ᠨᠢ ᠡᠯ᠎ᠡ ᠬᠤᠰᠢᠭᠤ ᠰᠢᠶᠠᠨ ᠤ ᠬᠠᠷᠢᠯᠴᠠᠨ ᠦᠵᠡᠵᠦ ᠬᠠᠷᠢᠯᠴᠠᠨ ᠦᠨᠡᠯᠡᠵᠦ ᠵᠥᠷᠢᠶ᠎ᠡ ᠪᠠᠨ ᠡᠷᠢᠬᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠪᠠᠷ ᠳᠡᠮᠵᠢᠨ ᠳᠡᠭᠡᠭᠰᠢᠯᠡᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡᠨᠲᠡ ᠲᠣᠭᠲᠠᠭᠠᠭᠰᠠᠨ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢ ᠠᠬᠢᠭᠤᠯᠤᠭᠰᠠᠨ ᠪᠠᠶᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ