ᠣᠷᠠᠳ ᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠳᠡᠩᠰᠡᠯᠡᠯᠲᠡ ᠶᠢᠨ  ᠦᠢᠯᠡᠴᠢᠯᠡᠭᠡ  ᠠᠷᠠᠳ ᠲᠤ ᠲᠥᠬᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/5/26
     ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠭᠦᠨᠵᠡᠭᠡᠶ ᠠᠬᠢᠭᠤᠯᠤᠨ᠂ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ︾ ᠠᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂  ᠣᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ᠥᠯᠥ ᠬᠥᠳᠡᠯᠬᠦ ᠬᠥᠷᠥᠩᠭᠡ ᠶᠢ ᠳᠠᠨᠵᠢᠯᠠᠨ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠲᠤᠬᠠᠶ ᠵᠢᠩᠬᠢᠨᠢ ᠪᠠᠷ ᠭᠡᠷ᠎ᠡ ᠲᠣᠭᠲᠠᠪᠠ᠃     ᠭᠠᠷ ᠤᠨ ᠥᠰᠥᠭ ᠵᠢᠷᠤᠬᠤ ᠶᠣᠰᠣᠯᠠᠯ ᠠᠴᠠ ᠡᠮᠦᠨ᠎ᠡ᠂  ᠣᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠶᠠᠷᠢᠯᠴᠠᠬᠤ ᠬᠤᠷᠠᠯ ᠬᠤᠷᠠᠯᠳᠣᠵᠣ᠂ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠬᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ᠃     ᠭᠡᠷ᠎ᠡ ᠲᠣᠭᠲᠠᠬᠤ ᠶᠣᠰᠣᠯᠠᠯ ᠳᠤ᠂  ᠣᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ︽ᠤᠷᠠᠳ ᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠶᠢ ᠳᠠᠩᠰᠠᠯᠠᠬᠤ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠤ ᠲᠣᠰ ᠲᠣᠰ ︽ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠶᠢ ᠳᠠᠩᠰᠠᠯᠠᠬᠤ ᠦᠢᠯᠡᠴᠢᠯᠡᠬᠡᠨ ᠤ ᠴᠡᠭ︾ ᠤᠨ ᠫᠠᠶᠢᠰᠠ ᠢᠯᠡᠷᠬᠡᠶᠢᠯᠡᠯ ᠣᠯᠭᠤᠪᠠ᠃      ᠲᠣᠰ ᠤᠳᠠᠭ᠎ᠠ ᠭᠡᠷ᠎ᠡ ᠲᠣᠭᠲᠠᠭᠰᠠᠨ ᠶᠠᠪᠤᠳᠠᠯ ᠪᠣᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ‍ ᠨᠢᠭᠡ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ ᠠᠷᠠᠳ ᠣᠯᠠᠨ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠥᠯᠥ ᠬᠥᠳᠡᠯᠬᠦ ᠬᠥᠷᠥᠩᠭᠡ ᠶᠢ ᠪᠠᠷᠢᠴᠠᠭᠠᠯᠠᠬᠤ ᠳᠡᠩᠰᠡᠯᠡᠯᠲᠡ ᠶᠢᠨ ᠴᠣᠩᠬᠤᠨ ᠳᠤ ᠪᠠᠷᠢᠴᠠᠭᠠᠲᠤ ᠵᠢᠭᠡᠯᠡᠯᠭᠡ ᠠᠪᠴᠤ᠂ ᠥᠯᠥ ᠬᠥᠳᠡᠯᠬᠦ ᠬᠥᠷᠥᠩᠭᠡ ᠶᠢ ᠪᠠᠷᠢᠴᠠᠭᠠᠯᠠᠬᠤ ᠳᠡᠩᠰᠡᠯᠡᠯᠲᠡ ᠶᠢ ᠬᠠᠮᠲᠤ ᠳᠤᠨᠢ  ᠬᠦᠢᠴᠡᠳᠭᠡᠵᠦ ᠪᠣᠯᠤᠨ᠎ᠠ᠂ ᠠᠵᠤ ᠠᠬᠤᠶᠢᠯᠠᠯ ᠪᠠ  ᠠᠷᠠᠳ ᠣᠯᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠢᠩᠬᠢᠮ ᠳᠤ ᠬᠦᠷᠴᠦ ᠮᠥᠷᠯᠡᠨ ᠬᠦᠯᠢᠶᠡᠬᠦ ᠴᠢᠬᠤᠯᠠ ᠥᠬᠡᠶ ᠪᠣᠯᠵᠣ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠴᠢᠨᠠᠷ ᠰᠠᠶᠢᠲᠠᠶ  ᠦᠢᠯᠡᠴᠢᠯᠡᠭᠡ ᠬᠠᠩᠭᠠᠬᠤ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ