ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ 2022 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2022/5/26
    ᠤᠷᠠᠳ ᠤᠨ ᠡᠮᠦᠨᠡᠲᠦ ᠬᠤᠰᠢᠭᠤᠨ ᠤ 2022 ᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠵᠠᠷᠯᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠭᠦᠢᠴᠡᠳ ᠡᠳ᠋ᠯᠡᠭᠦᠯᠬᠦ ᠪᠠᠷ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠠᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽2022 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠠᠮᠢᠶ᠎ᠠ ᠪᠦᠬᠦᠢ ᠶᠠᠪᠤᠳᠠᠯ ᠤᠨ ᠲᠤᠬᠠᠢ ᠮᠡᠳᠡᠭᠳᠡᠯ︾ ︵ᠥᠪᠥᠷ ᠵᠠᠰᠠᠭ ᠥᠰᠥᠭ ﹇2022﹈ 40 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠬᠤᠲᠠ ᠬᠥᠳᠡᠭᠡ ᠶᠢᠨ ᠠᠮᠢᠳᠤᠷᠠᠯ ᠤᠨ ᠲᠣᠣᠷᠠᠲᠤ ᠪᠠᠲᠤᠯᠠᠭ᠎ᠠ ᠪᠠ ᠣᠨᠴᠠ ᠬᠦᠴᠢᠷᠳᠡᠯᠲᠡᠢ ᠠᠰᠠᠷᠠᠨ ᠲᠡᠵᠢᠭᠡᠭᠳᠡᠬᠦ ᠡᠲᠡᠭᠡᠳ ᠤᠨ ᠪᠠᠲᠤᠯᠠᠭ᠎ᠠ ᠶᠢᠨ ᠪᠠᠷᠢᠮᠵᠢᠶ᠎ᠠ ᠵᠢᠴᠢ ᠣᠨᠴᠠ ᠬᠦᠴᠢᠷᠳᠡᠯᠲᠡᠢ ᠬᠥᠮᠥᠰ ᠢ ᠬᠠᠷᠠᠭᠠᠯᠵᠠᠨ ᠠᠰᠠᠷᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠣᠳᠣ  ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠪᠠᠲᠤᠯᠠᠭ᠎ᠠ ᠶᠢᠨ ᠪᠠᠷᠢᠮᠵᠢᠶ᠎ᠠ ᠶᠢ ᠳᠣᠣᠷᠠᠬᠢ ᠮᠡᠲᠦ ᠵᠠᠷᠯᠠᠶ᠎ᠠ᠄    ᠨᠢᠭᠡ᠂ 2022 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠠᠮᠤᠭ ᠳᠣᠣᠷᠠᠲᠦ ᠪᠠᠲᠤᠯᠠᠭ᠎ᠠ ᠶᠢᠨ ᠪᠠᠷᠢᠮᠵᠢᠶ᠎ᠠ    1. ᠬᠤᠲᠠ ᠶᠢᠨ ᠬᠠᠮᠤᠭ ᠲᠣᠣᠷᠠᠲᠤ  ᠪᠠᠲᠤᠯᠠᠭ᠎ᠠ ᠶᠢᠨ ᠪᠠᠷᠢᠮᠵᠢᠶ᠎ᠠ ᠨᠢ᠄ ᠬᠥᠮᠥᠨ ᠪᠦᠷᠢ ᠰᠠᠷ᠎ᠠ ᠳᠤ 772 ᠲᠥᠭᠦᠷᠢᠭ︔    2. ᠬᠥᠳᠡᠭᠡ ᠲᠣᠰᠬᠤᠨ ᠤ  ᠬᠠᠮᠤᠭ ᠳᠣᠣᠷᠠᠲᠦ ᠪᠠᠲᠤᠯᠠᠭ᠎ᠠ ᠶᠢᠨ ᠪᠠᠷᠢᠮᠵᠢᠶ᠎ᠠ ᠪᠣᠯ᠄ ᠬᠥᠮᠥᠨ ᠪᠦᠷᠢ ᠵᠢᠯ ᠳᠤ 6309 ᠲᠥᠭᠦᠷᠢᠭ᠃    ᠬᠤᠶᠠᠷ᠂ 2022 ᠣᠨ ᠤ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠪᠠ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ    1. ᠬᠤᠲᠠ ᠶᠢᠨ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠨᠢ᠄ ᠬᠥᠮᠥᠨ ᠪᠦᠷᠢ ᠰᠠᠷ᠎ᠠ ᠳᠤ 1308 ᠲᠥᠭᠦᠷᠢᠭ︔    2. ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠨᠢ᠄ ᠬᠥᠮᠥᠨ ᠪᠦᠷᠢ ᠵᠢᠯ ᠳᠤ 10533 ᠲᠥᠭᠦᠷᠢᠭ︔    3. ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠶᠢᠭ᠎ᠠ ᠬᠥᠮᠥᠰ ᠤᠨ ᠪᠦᠷᠢᠨ ᠴᠢᠳᠠᠪᠤᠷᠢ ᠪᠠᠨ ᠠᠯᠳᠠᠭᠰᠠᠨ ᠢ ᠠᠰᠠᠷᠠᠨ ᠰᠤᠪᠢᠯᠠᠬᠤ ᠪᠠᠷᠢᠮᠵᠢᠶ᠎ᠠ ᠨᠢ᠄ ᠬᠥᠮᠥᠨ ᠪᠦᠷᠢ ᠰᠠᠷ᠎ᠠ ᠳᠤ 1244 ᠲᠥᠭᠦᠷᠢᠭ︔    4. ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠶᠢᠭ᠎ᠠ ᠬᠥᠮᠥᠰ ᠤᠨ ᠬᠠᠭᠠᠰ ᠴᠢᠳᠠᠪᠤᠷᠢ ᠪᠠᠨ ᠠᠯᠳᠠᠭᠰᠠᠨ ᠠᠰᠠᠷᠠᠨ ᠰᠤᠪᠢᠯᠠᠬᠤ ᠪᠠᠷᠢᠮᠵᠢᠶ᠎ᠠ ᠨᠢ᠄ ᠬᠥᠮᠥᠨ ᠪᠦᠷᠢ ᠰᠠᠷ᠎ᠠ ᠳᠤ 479 ᠲᠥᠭᠦᠷᠢᠭ ᠪᠣᠯᠣᠨ᠎ᠠ᠃    ᠳᠠᠭᠠᠭᠠᠴᠢᠯᠠᠯᠲᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠪᠠᠲᠤᠯᠠᠭ᠎ᠠ ᠶᠢᠨ ᠪᠠᠷᠢᠮᠵᠢᠶ᠎ᠠ ᠶᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                     ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                                                                       2022 ᠣᠨ ᠤ 5 ᠰᠠᠷ᠎ᠠ ᠶᠢᠨ 25 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ