ᠰᠢᠭᠡᠲᠡᠢ ᠶᠢᠨ ᠠᠷᠢᠬᠢᠨ ᠤ ᠦᠢᠯᠡᠰ᠄ ᠨᠢᠭᠡᠨ ᠬᠦᠲᠦᠴᠢ ᠠᠵᠤ ᠠᠬᠤᠶᠢᠯᠠᠯ ᠨᠢ ᠨᠢᠭᠡ ᠣᠷᠤᠨ ᠤ ᠣᠯᠠᠨ ᠲᠦᠮᠡᠨ ᠢ ᠪᠠᠶᠠᠵᠢᠯ ᠤᠨ ᠵᠠᠮ ᠤᠷᠤᠭᠤ ᠬᠦᠲᠦᠯᠡᠨ᠎ᠠ
ᠨᠡᠶᠢᠲᠡᠯᠡᠭᠰᠡᠨ ᠴᠠᠭ᠄
2022/5/27
        ᠣᠶᠢᠷ᠎ᠠ ᠶᠢᠨ ᠵᠢᠯ ᠠᠴᠠ᠂  ᠰᠢᠭᠡᠲᠡᠢ ᠠᠷᠢᠬᠢᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠬᠥᠲᠥᠯᠥᠨ ᠳᠠᠭᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠲᠡᠭᠦᠯᠳᠡᠷᠵᠢᠭᠦᠯᠬᠦ ᠪᠠᠷ ᠭᠤᠣᠯ ᠪᠣᠯᠭᠠᠵᠤ᠂ ᠲᠠᠷᠢᠶᠠᠴᠢᠨ ᠡᠷᠦᠬᠡ ᠲᠠᠢ ᠨᠢᠭᠲᠠ ᠬᠠᠮᠵᠢᠯᠴᠠᠵᠤ᠂ ᠠᠵᠤ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠬᠠᠮᠲᠤᠪᠠᠷ ᠠᠰᠢᠭ ᠬᠦᠷᠳᠡᠬᠦ ᠵᠠᠮ ᠢ ᠨᠡᠭᠡᠭᠡᠵᠡᠢ᠃
佘太酒业1.jpg
         ᠶᠡᠭᠡ ᠰᠢᠭᠡᠲᠡᠢ ᠪᠠᠯᠭᠠᠰᠤᠨ ᠤ ᠨᠠᠨ ᠶᠤᠸᠠᠨ ᠲᠣᠰᠬᠤᠨ ᠤ ᠠᠷᠠᠳ ᠵᠢᠶᠠᠩ ᠵᠢᠢ ᠴᠢᠤᠸᠠᠨ ᠰᠢᠭᠡᠲᠡᠢ ᠶᠢᠨ ᠠᠷᠢᠬᠢᠨ ᠤ ᠦᠢᠯᠡᠰ ᠲᠤ ᠠᠵᠢᠯᠯᠠᠭᠠᠳ ᠨᠢᠭᠡᠨᠲᠡ 3 ᠵᠢᠯ ᠪᠣᠯᠪᠠ᠂ ᠡᠳᠦᠷ ᠪᠦᠷᠢ ᠶᠢᠨ ᠥᠷᠯᠥᠭᠡ ᠶᠢᠨ ᠲᠠᠪᠤᠨ ᠴᠠᠭ ᠲᠤ ᠲᠡᠷᠡ ᠠᠵᠢᠯᠴᠢᠳ ᠲᠠᠢ ᠪᠠᠨ ᠬᠠᠮᠲᠤ ᠠᠷᠢᠬᠢ ᠬᠢᠬᠦ ᠲᠠᠰᠤᠭ ᠲᠤ ᠬᠦᠷᠴᠦ ᠠᠵᠢᠯ ᠢᠶᠠᠨ ᠡᠬᠢᠯᠡᠭᠦᠯᠳᠡᠭ᠃ ᠡᠨᠡ ᠬᠦ ᠠᠵᠢᠯ ᠨᠢ ᠵᠢᠶᠠᠩ ᠵᠢᠢ ᠴᠢᠤᠸᠠᠨ ᠢ ᠭᠡᠷ ᠤᠨ ᠢᠶᠠᠨ ᠡᠭᠦᠳᠡᠨ ᠳᠤ ᠠᠵᠢᠯᠯᠠᠭᠠᠳ ᠨᠡᠯᠢᠶᠡᠳ ᠶᠡᠭᠡ ᠣᠷᠣᠯᠭ᠎ᠠ ᠲᠠᠢ ᠪᠣᠯᠭᠠᠭᠰᠠᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠠᠷᠢᠬᠢ ᠨᠡᠷᠡᠬᠦ ᠤᠷ᠎ᠠ ᠮᠡᠷᠭᠡᠵᠢᠯ ᠢ ᠰᠤᠷᠭᠠᠵᠠᠢ᠃        ︽ᠤᠳᠤ ᠠᠵᠤ ᠠᠬᠤᠶᠢᠯᠠᠯ ᠤᠨ ᠬᠥᠭᠵᠢᠯᠲᠡ ᠵᠦᠭᠡᠷ ᠪᠠᠶᠢᠨ᠎ᠠ᠂ ᠰᠠᠷ᠎ᠠ ᠪᠦᠷᠢ ᠵᠢᠷᠭᠤᠭ᠎ᠠ ᠲᠤᠯᠤᠭᠠᠨ ᠮᠢᠩᠭᠠᠨ ᠲᠥᠭᠦᠷᠢᠭ ᠤᠨ ᠴᠠᠯᠢᠩ ᠣᠯᠵᠤ ᠪᠠᠶᠢᠨ᠎ᠠ ︾ ᠭᠡᠵᠦ ᠵᠢᠶᠠᠩ ᠵᠢᠢ ᠴᠢᠤᠸᠠᠨ ᠬᠡᠯᠡᠨ᠎ᠡ᠃

佘太酒业2.jpg

         ᠰᠢᠭᠡᠲᠡᠢ ᠠᠷᠢᠬᠢᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤ ᠶᠢᠨ

ᠨᠠᠨ ᠶᠤᠸᠠᠨ ᠲᠣᠰᠬᠤᠨ ᠳᠤ ᠪᠠᠶᠢᠷᠢᠯᠠᠵᠤ᠂ ᠠᠵᠤ ᠠᠬᠤᠶᠢᠯᠠᠯ ᠢ ᠲᠣᠰᠬᠤᠨ ᠳᠤ ᠪᠠᠶᠢᠭᠤᠯᠤᠭᠰᠠᠨ ᠨᠢ ᠡᠷᠬᠢᠨ ᠲᠣᠭᠤᠷᠢᠨ ᠤ ᠲᠣᠰᠬᠤᠨ ᠤ ᠠᠷᠠᠳ ᠤᠳ ᠤᠨ ᠣᠶᠢᠷ᠎ᠠ

ᠬᠠᠪᠢ ᠳᠠᠭᠠᠨ ᠬᠥᠯᠥᠰᠦᠨ ᠠᠵᠢᠯ ᠬᠢᠬᠦ ᠳᠤ ᠲᠦᠭᠦᠮ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ  ᠪᠣᠯᠬᠤ ᠰᠢᠰᠢ ᠨᠢ

ᠪᠦᠷ ᠡᠷᠬᠢᠨ ᠲᠣᠭᠤᠷᠢᠨ ᠤ ᠲᠠᠷᠢᠶᠠᠴᠢᠨ ᠡᠷᠦᠬᠡ ᠠᠴᠠ ᠢᠷᠡᠭᠰᠡᠨ ᠶᠤᠮ᠂ ᠡᠨᠡ ᠨᠢ ᠲᠤᠬᠠᠢ ᠶᠢᠨ ᠭᠠᠵᠠᠷ ᠤᠨ ᠲᠠᠷᠢᠮᠠᠯ ᠤᠨ ᠪᠦᠲᠦᠴᠡ ᠪᠠᠨ ᠲᠣᠬᠢᠷᠠᠭᠤᠯᠵᠤ᠂

ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠴᠡᠢ᠃

        ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠰᠢᠰᠢ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠭᠰᠠᠨ ᠯᠢᠦ ᠴᠢᠶᠠᠩ ᠡᠨᠡ ᠬᠤᠶᠠᠷ ᠡᠳᠦᠷ ᠶᠠᠭ ᠰᠠᠶᠢᠬᠠᠨ

ᠰᠢᠰᠢ ᠪᠠᠨ ᠱᠠᠯᠠᠪᠳᠠᠨ ᠲᠠᠷᠢᠵᠤ ᠪᠠᠶᠢᠨ᠎ᠠ᠃ ︽ᠨᠠᠳᠠ ᠳᠤ 80 ᠭᠠᠷᠤᠢ ᠮᠦ ᠲᠠᠷᠢᠶ᠎ᠠ ᠲᠠᠢ᠂ 2019 ᠣᠨ ᠠᠴᠠ ᠡᠬᠢᠯᠡᠨ ᠰᠢᠭᠡᠲᠡᠢ ᠶᠢᠨ ᠠᠷᠢᠬᠢᠨ ᠤ ᠦᠢᠯᠡᠰ ᠲᠤ

ᠰᠢᠰᠢ ᠲᠠᠷᠢᠵᠤ᠂ ᠨᠠᠭᠠᠲᠤ ᠵᠠᠬ᠎ᠠ ᠶᠢᠨ ᠪᠠᠲᠤᠯᠠᠬᠤ ᠦᠨ᠎ᠡ ᠨᠢ 1.8 ᠲᠥᠭᠦᠷᠢᠭ ᠪᠠᠶᠢᠵᠤ ᠂ ᠰᠢᠰᠢ ᠶᠢᠨ ᠬᠤᠷᠢᠶᠠᠯᠲᠠ ᠪᠠᠭᠤᠷᠠᠭᠰᠠᠨ ᠤ ᠳᠠᠷᠠᠭ᠎ᠠ ᠵᠠᠬ᠎ᠠ

ᠳᠡᠯᠭᠡᠭᠦᠷ  ᠤᠨ ᠦᠨ᠎ᠡ ᠬᠠᠩᠰᠢ ᠶᠢ ᠳᠠᠭᠠᠵᠤ᠂ ᠬᠡᠷᠪᠡ ᠵᠠᠬ᠎ᠠ ᠳᠡᠯᠭᠡᠭᠦᠷ ᠤᠨ ᠦᠨ᠎ᠡ ᠨᠢ 2.2 ᠲᠥᠭᠦᠷᠢᠭ ᠪᠠᠶᠢᠪᠠᠯ᠂ ᠬᠤᠷᠢᠶᠠᠨ ᠠᠪᠬᠤ ᠦᠨ᠎ᠡ ᠨᠢ 2.2

ᠲᠥᠭᠦᠷᠢᠭ ᠪᠣᠯᠲᠠᠯ᠎ᠠ ᠥᠰᠴᠦ᠂  ᠮᠦ ᠪᠦᠷᠢ ᠠᠴᠠ ᠳᠤᠮᠳᠠᠴᠢ ᠪᠠᠷ 3500 ᠲᠥᠭᠦᠷᠢᠭ ᠤᠨ ᠣᠷᠣᠯᠭ᠎ᠠ ᠣᠯᠣᠨ᠎ᠠ︾ ᠭᠡᠵᠦ ᠬᠡᠯᠡᠨ᠎ᠡ᠃

佘太酒业3.jpg

       ᠪᠠᠶᠢᠭᠤᠯᠤᠭᠳᠠᠭᠰᠠᠨ 10 ᠵᠢᠯ ᠤᠨ ᠲᠤᠷᠰᠢ᠂ ᠰᠢᠭᠡᠲᠡᠢ ᠠᠷᠢᠬᠢᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠠᠶᠢᠨ ᠰᠠᠶᠢᠬᠠᠨ

ᠢᠲᠡᠭᠡᠯ ᠬᠦᠨᠳᠦ ᠪᠠ ᠰᠢᠯᠢᠳᠡᠭ ᠰᠠᠶᠢᠨ ᠴᠢᠨᠠᠷ ᠴᠢᠨᠰᠠᠭ᠎ᠠ ᠪᠠᠷ ᠢᠶᠠᠨ ᠬᠡᠳᠦᠨ ᠠᠷᠪᠠᠨ ᠵᠦᠢᠯ ᠤᠨ ᠠᠷᠢᠬᠢᠨ ᠤ ᠵᠦᠢᠯ ᠢ ᠤᠯᠠᠮ ᠠᠴᠠ ᠤᠯᠠᠮ ᠣᠯᠠᠨ ᠬᠡᠷᠡᠭᠯᠡᠭᠴᠢᠳ

ᠭᠥᠯᠢᠶᠡᠨ ᠠᠪᠴᠤ ᠪᠠᠶᠢᠨ᠎ᠠ᠃ ᠠᠵᠤ ᠠᠬᠤᠶᠢᠯᠠᠯ ᠤᠨ ᠬᠡᠪᠴᠢᠶ᠎ᠡ ᠴᠦ ᠡᠭᠦᠨ ᠤ ᠳᠠᠭᠠᠤ ᠳᠤ ᠲᠠᠰᠤᠷᠠᠯᠲᠠ ᠦᠭᠡᠢ ᠥᠷᠭᠡᠳᠴᠦ᠂ ᠵᠢᠯ ᠤᠨ ᠭᠠᠷᠤᠯᠲᠠ ᠨᠢ ᠬᠠᠮᠤᠭ

ᠠᠩᠬᠠᠨ ᠤ ᠬᠡᠳᠦᠨ ᠠᠷᠪᠠᠨ ᠲᠣᠨ ᠪᠠᠶᠢᠭᠰᠠᠨ ᠠᠴᠠ ᠪᠠᠨ ᠬᠥᠭᠵᠢᠭᠡᠳ ᠣᠳᠣ 2000 ᠭᠠᠷᠤᠢ ᠲᠣᠨ ᠪᠣᠯᠤᠭᠰᠠᠨ ᠪᠠᠶᠢᠨ᠎ᠠ᠃ ᠣᠳᠣᠬᠠᠨ ᠳᠤ ᠠᠵᠤ

ᠠᠬᠤᠶᠢᠯᠠᠯ ᠳᠤ 110 ᠭᠠᠷᠤᠢ ᠠᠵᠢᠯᠴᠢᠨ ᠲᠠᠢ᠂ ᠡᠭᠦᠨ ᠤ ᠳᠣᠲᠣᠷᠠᠬᠢ 80%  ᠶᠢᠨ ᠠᠵᠢᠯᠴᠢᠨ ᠨᠢ ᠴᠥᠮ ᠲᠤᠬᠠᠢ  ᠶᠢᠨ ᠭᠠᠵᠠᠷ ᠤᠨ ᠮᠠᠯᠴᠢᠨ ᠲᠠᠷᠢᠶᠠᠴᠢᠨ

ᠪᠣᠯᠣᠨ᠎ᠠ᠃

 

       ︽ᠮᠠᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ  ᠢ ᠢᠷᠡᠬᠦ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ

ᠣᠷᠣᠭᠤᠯᠬᠤ ᠪᠠᠷ ᠵᠢᠱᠢᠵᠦ ᠪᠠᠶᠢᠨ᠎ᠠ᠂ ᠬᠤᠵᠢᠮ ᠮᠠᠨ ᠤ ᠤᠤᠯ ᠠᠷᠢᠬᠢᠨ ᠤ ᠦᠢᠯᠡᠳᠪᠦᠷᠢᠯᠡᠬᠦ ᠴᠢᠳᠠᠪᠤᠷᠢ 3000 ᠲᠣᠨ ᠳᠤ ᠬᠦᠷᠴᠦ᠂ ᠦᠢᠯᠡᠳᠬᠦᠨ ᠤ ᠥᠷᠲᠡᠭ

10 ᠭᠠᠷᠤᠢ ᠳ᠋ᠦᠩᠰᠢᠭᠤᠷ  ᠢ ᠳᠠᠪᠠᠵᠤ᠂ 300 ᠭᠠᠷᠤᠢ ᠬᠥᠮᠥᠨ ᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠨ᠎ᠡ︾ ᠭᠡᠵᠦ ᠰᠢᠭᠡᠲᠡᠢ ᠠᠷᠢᠬᠢᠨ ᠤ

ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠬᠠᠢ ᠬᠡᠯᠡᠪᠡ᠃

佘太酒业7.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ