ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠭᠡᠰᠢᠭᠦᠨ ᠹᠠᠨ ᠸᠧᠨ ᠤᠷᠠᠳ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/27
        5 ᠰᠠᠷ᠎ᠠ ᠶᠢᠨ 25 ᠤ ᠡᠳᠦᠷ᠂ ᠹᠠᠨ ᠸᠧᠨ ᠤᠨ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠡᠷᠭᠢᠯᠲᠡ᠂ ᠲᠥᠰᠦᠪ ᠤᠨ ᠬᠡᠷᠡᠭᠵᠢᠭᠦᠯᠦᠯᠲᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠬᠢᠨᠠᠯᠲᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃        ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠩ ᠲᠠᠢ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠠᠵᠢᠯᠲᠠᠨ ᠤ ᠨᠠᠷᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ᠂ ᠣᠳᠣᠬᠠᠨ ᠤ ᠠᠵᠤ ᠠᠬᠤᠶᠢᠯᠠᠯ ᠤᠨ ᠠᠵᠤ ᠠᠬᠤᠶ ᠶᠢᠨ ᠡᠯ᠎ᠡ  ᠵᠦᠢᠯ ᠤᠨ ᠬᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠵᠡᠷᠭᠡ ᠶᠢ ᠭᠤᠤᠯᠳᠠᠯᠭ᠎ᠠ ᠲᠠᠢ ᠣᠶᠢᠯᠠᠭᠠᠪᠠ᠃

人大调研1.jpg

人大调研2.jpg

        ᠳᠠᠷᠠᠭ᠎ᠠ ᠨᠢ ᠬᠤᠷᠠᠯᠳᠤᠭᠰᠠᠨ ᠶᠠᠷᠢᠯᠴᠠᠬᠤ ᠬᠤᠷᠠᠯ ᠳᠤ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ  ᠪᠠᠶᠠᠨᠪᠢᠯᠢᠭ᠌ ᠠᠴᠠ ᠪᠥᠬᠦ ᠬᠤᠰᠢᠭᠤᠨ ᠤ

ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ ᠡᠳ᠋ ᠤᠨ ᠵᠠᠰᠠᠭ ᠤᠨ ᠲᠥᠰᠦᠪ ᠢ ᠬᠦᠢᠴᠡᠳᠭᠡᠭᠰᠡᠨ ᠪᠠᠶᠢᠳᠠᠯ ᠤᠨ ᠲᠤᠬᠠᠶ ᠪᠠᠶᠢᠴᠠᠭᠠᠨ

ᠰᠤᠳᠤᠯᠬᠤ ᠳᠤᠭᠤᠶᠢᠯᠠᠩ ᠳᠤ ᠨᠠᠷᠢᠨ ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠨᠡ ᠵᠢᠯ ᠠᠴᠠ ᠨᠠᠭᠠᠰᠢᠬᠢ ᠤᠷᠠᠳ ᠤᠨ ᠡᠮᠦᠨᠡᠲᠦ

ᠬᠤᠰᠢᠭᠤᠨ ᠤ ᠠᠵᠤ ᠠᠬᠤᠢ ᠶᠢᠨ ᠡᠷᠭᠢᠯᠲᠡ᠂ ᠲᠥᠰᠦᠪ ᠢ ᠭᠦᠢᠴᠡᠳᠬᠡᠭᠰᠡᠨ ᠠᠵᠢᠯ ᠤᠨ ᠪᠠᠶᠢᠳᠠᠯ ᠢ ᠭᠦᠢᠴᠡᠳ ᠨᠤᠲᠠᠯᠠᠪᠠ᠃ ᠡᠭᠦᠨ ᠤ ᠬᠠᠮᠲᠤ ᠠᠵᠤ ᠠᠬᠤᠶ ᠶᠢᠨ

ᠠᠵᠢᠯᠯᠠᠭᠠᠨ ᠤ ᠲᠣᠬᠢᠷᠠᠭᠤᠯᠤᠯᠲᠠ ᠶᠢᠨ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ

ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠪᠠ ᠡᠯ᠎ᠡ ᠵᠦᠢᠯ ᠤᠨ ᠠᠵᠤ ᠠᠬᠤᠶ ᠶᠢᠨ  ᠬᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ

ᠪᠠᠶᠢᠳᠠᠯ ᠢ ᠦᠷᠭᠦᠯᠵᠢ ᠤᠶᠢᠯᠠᠭᠠᠨ ᠡᠵᠡᠮᠰᠢᠵᠦ᠂ ᠠᠰᠠᠭᠤᠳᠠᠯ ᠢ ᠴᠠᠭ ᠲᠤᠬᠠᠶ ᠳᠤᠨᠢ ᠡᠮᠬᠢᠯᠡᠨ᠂ ᠰᠢᠯᠲᠠᠭᠠᠨ ᠢ ᠨᠢ ᠵᠠᠳᠠᠯᠵᠤ᠂ ᠠᠷᠭ᠎ᠠ ᠬᠡᠮᠵᠢᠶ᠎ᠡ ᠰᠠᠨᠠᠭᠤᠯᠭ᠎ᠠ

ᠳᠤᠷᠠᠳᠬᠤ ᠶᠢ  ᠬᠦᠰᠡᠪᠡ᠃ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠡᠷᠴᠢᠮ ᠢ ᠴᠢᠩᠭ᠎ᠠ ᠠᠩᠬᠠᠷᠴᠤ᠂ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠦᠨ

ᠠᠵᠤ ᠠᠬᠤᠶᠢᠯᠠᠯ ᠤᠨ ᠠᠵᠢᠯᠯᠠᠭᠠᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ

ᠰᠠᠨᠠᠭᠤᠯᠭ᠎ᠠ ᠳᠤᠷᠠᠳᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠵᠣᠷᠢᠭᠵᠢᠭᠤᠯᠤᠨ

ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠢ ᠢᠳᠡᠪᠬᠢᠲᠡᠶ ᠪᠠᠬᠢᠵᠢᠭᠦᠯᠦᠨ ᠥᠷᠭᠡᠳᠬᠡᠵᠦ᠂ ᠬᠢᠵᠢᠭ ᠤᠨ ᠪᠠᠶᠢᠳᠠᠯ ᠤᠨ ᠳᠠᠷᠠᠭᠠᠬᠢ ᠭᠤᠤᠯᠳᠠᠯᠭ᠎ᠠ ᠲᠠᠢ

ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ

ᠨᠡᠮᠡᠭᠳᠡᠯ ᠢ ᠦᠷᠭᠦᠯᠵᠢᠯᠡᠨ ᠠᠬᠢᠭᠤᠯᠬᠤ ᠬᠡᠷᠡᠭᠲᠡᠶ ᠬᠡᠮᠡᠨ  ᠬᠦᠰᠡᠮᠵᠢᠯᠡᠭᠰᠡᠨ ᠪᠠᠶᠢᠨ᠎ᠠ᠃

人大调研3.jpg

         ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠯᠲᠠᠨᠪᠠᠭᠠᠨ᠎ᠠ᠂ ᠬᠤᠰᠢᠭᠤᠨ ᠤ

ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠡᠷᠭᠡ  ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ