ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠬᠠᠬᠤ ᠬᠤᠪᠢᠶᠠᠷᠢ ᠺᠣᠮᠫᠠᠨᠢ ᠶᠢᠨ ᠨᠢᠭᠡ ᠵᠢᠯ ᠠᠴᠠ ᠳᠡᠭᠡᠭᠰᠢ ᠴᠠᠬᠢᠯᠭᠠᠨ ᠬᠡᠷᠡᠭᠯᠡᠭᠰᠡᠨ ᠦᠭᠡᠢ ᠬᠡᠷᠡᠭᠯᠡᠭᠴᠢ ᠤᠨ ᠴᠠᠬᠢᠯᠭᠠᠨ ᠤ ᠰᠦᠢᠳᠬᠡᠯ ᠢ ᠳᠠᠩᠰᠠᠨ ᠠᠴᠠ ᠭᠠᠷᠭᠠᠬᠤ ᠲᠤᠬᠠᠢ ᠨᠠᠶᠢᠲᠠᠯᠠᠭᠰᠠᠨ ᠵᠠᠷᠯᠠᠯ
ᠨᠡᠶᠢᠲᠡᠯᠡᠭᠰᠡᠨ ᠴᠠᠭ᠄
2022/5/27
ᠴᠠᠬᠢᠯᠭᠠᠨ ᠬᠦᠴᠦᠨ ᠤ ᠥᠷᠭᠡᠨ ᠣᠯᠠᠨ ᠬᠡᠷᠡᠭᠯᠡᠭᠴᠢ ᠳᠤ᠄      ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ︽2022 ᠣᠨ ᠤ ᠴᠠᠬᠢᠯᠭᠠᠨ ᠤ ᠰᠦᠢᠳᠬᠡᠯ ᠤᠨ ᠬᠠᠷᠢᠯᠴᠠᠭᠠᠨ ᠤ ᠵᠣᠭᠤᠰ ᠢ ᠲᠤᠰᠬᠠᠢ ᠵᠦᠢᠯ ᠢᠶᠠᠷ ᠢᠯᠭᠠᠷᠠᠭᠤᠯᠤᠨ ᠬᠠᠷᠭᠤᠭᠤᠯᠵᠤ ᠳᠠᠩᠰᠠᠨ ᠠᠴᠠ ᠭᠠᠷᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠶᠠᠲᠤ ᠣᠷᠣᠨ ᠤ ᠳᠣᠲᠣᠷᠠᠬᠢ ᠨᠢᠭᠡ ᠵᠢᠯ ᠠᠴᠠ ᠳᠡᠭᠡᠭᠰᠢ ᠨᠤᠷᠠᠭᠠᠵᠤ ᠨᠡᠭᠦᠯᠭᠡᠭᠰᠡᠨ ᠬᠡᠷᠡᠭᠯᠡᠭᠴᠢ ᠵᠢᠴᠢ ᠭᠤᠷᠪᠠᠨ ᠵᠢᠯ ᠠᠴᠠ ᠳᠡᠭᠡᠭᠰᠢ ᠴᠠᠬᠢᠯᠭᠠᠨ ᠤ ᠰᠦᠢᠳᠬᠡᠯ ᠲᠠᠷᠬᠠᠭᠠᠭᠰᠠᠨ ᠦᠭᠡᠢ ᠮᠥᠷᠲᠡᠭᠡᠨ ᠴᠠᠬᠢᠯᠭᠠᠨ ᠤ ᠰᠦᠢᠳᠬᠡᠯ ᠤᠨ ᠦᠯᠡᠳᠡᠪᠦᠷᠢ ᠲᠠᠢ ᠬᠡᠷᠡᠭᠯᠡᠭᠴᠢ ᠳᠤ ᠬᠠᠷᠭᠤᠭᠤᠯᠤᠨ ᠲᠠᠩᠰᠠᠨ ᠠᠴᠠ ᠭᠠᠷᠭᠠᠬᠤ ᠠᠵᠢᠯ ᠢ ᠥᠷᠨᠢᠭᠦᠯᠵᠦ᠂ ᠬᠤᠪᠢᠶᠠᠷᠢ ᠺᠣᠮᠫᠠᠨᠢ  ᠠᠴᠠ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠳᠣᠣᠷᠠᠬᠢ 364 ᠡᠷᠦᠬᠡ ︵ᠰᠡᠭᠦᠯᠡᠷ ᠨᠢ ᠨᠡᠷᠡᠰ ᠢ ᠳᠠᠭᠠᠯᠳᠤᠭᠤᠯᠪᠠ︶ ᠨᠢ ᠲᠠᠩᠰᠠᠨ ᠠᠴᠠ ᠭᠠᠷᠭᠠᠬᠤ ᠨᠥᠬᠦᠴᠡᠯ ᠳᠤ ᠨᠡᠶᠢᠴᠡᠬᠦ ᠮᠥᠷᠲᠡᠭᠡᠨ ᠴᠠᠬᠢᠯᠭᠠᠨ ᠤ ᠰᠦᠢᠳᠬᠡᠯ ᠤᠨ ᠲᠠᠩᠰᠠᠨ ᠳᠤ ᠴᠥᠮ ᠦᠯᠡᠳᠡᠪᠦᠷᠢ ᠲᠠᠢ ᠪᠠᠶᠢᠬᠤ ᠡᠷᠦᠬᠡ ᠪᠣᠯᠤᠨ᠎ᠠ᠃ ᠳᠡᠭᠡᠷᠡᠬᠢ ᠴᠠᠬᠢᠯᠭᠠᠨ ᠬᠦᠴᠦᠨ ᠤ ᠬᠡᠷᠡᠭᠯᠡᠭᠴᠢᠳ ᠢ ᠵᠠᠷᠯᠠᠨ ᠨᠡᠶᠢᠲᠡᠯᠡᠭᠰᠡᠨ 15 ᠡᠳᠦᠷ ᠤᠨ ᠳᠣᠲᠣᠷ᠎ᠠ ᠬᠠᠷᠢᠶᠠᠯᠠᠭᠳᠠᠬᠤ ᠴᠠᠬᠢᠯᠭᠠᠨ ᠬᠠᠩᠭᠠᠬᠤ ᠡᠵᠡᠩᠨᠡᠯᠲᠡ ᠶᠢᠨ ᠲᠢᠩᠬᠢᠮ ᠳᠤ ᠬᠦᠷᠴᠦ ᠴᠠᠬᠢᠯᠭᠠᠨ ᠤ ᠰᠦᠢᠳᠬᠡᠯ ᠤᠨ ᠦᠯᠡᠳᠡᠪᠦᠷᠢ ᠶᠢ ᠳ᠋ᠦᠩᠨᠡᠨ ᠪᠤᠳᠤᠬᠤ ᠭᠠᠷᠳᠠᠮ ᠢ ᠭᠦᠢᠴᠡᠳᠬᠡᠭᠡᠷᠡᠢ᠂ ᠬᠤᠭᠤᠴᠠᠭ᠎ᠠ ᠬᠡᠲᠦᠷᠡᠪᠡᠯ ᠮᠠᠨ ᠤ ᠺᠣᠮᠫᠠᠨᠢ ᠴᠠᠬᠢᠯᠭᠠᠨ ᠤ ᠰᠦᠢᠳᠬᠡᠯ ᠢ ᠬᠠᠷᠭᠤᠭᠤᠯᠤᠨ ᠲᠠᠩᠰᠠᠨ  ᠠᠴᠠ ᠭᠠᠷᠭᠠᠬᠤ ᠶᠠᠪᠤᠴᠠ ᠶᠢᠨ ᠶᠣᠰᠣᠭᠠᠷ᠂ ᠴᠠᠬᠢᠯᠭᠠᠨ ᠤ ᠰᠦᠢᠳᠬᠡᠯ ᠤᠨ ᠦᠯᠡᠳᠡᠪᠦᠷᠢ ᠶᠢ ᠬᠠᠷᠭᠤᠭᠤᠯᠤᠨ ᠲᠠᠩᠰᠠᠨ  ᠠᠴᠠ ᠭᠠᠷᠭᠠᠬᠤ ᠠᠵᠢᠯ ᠢ ᠥᠷᠨᠢᠭᠦᠯᠦᠨ᠎ᠡ᠃                                      ᠡᠭᠦᠨ ᠤ ᠲᠤᠯᠠ ᠣᠨᠴᠠᠭᠠᠶᠢᠯᠠᠨ ᠵᠠᠷᠯᠠᠪᠠ        ᠳᠠᠭᠠᠯᠳᠤᠭᠤᠯᠤᠯ᠄ ᠬᠡᠷᠡᠭᠯᠡᠭᠴᠢ ᠶᠢᠨ ᠨᠡᠷᠡᠰ ︵ᠨᠢᠭᠡ ᠵᠢᠯ ᠠᠴᠠ ᠳᠡᠭᠡᠭᠰᠢ ᠨᠡᠭᠦᠯᠭᠡᠬᠦ ᠬᠡᠷᠡᠭᠯᠡᠭᠴᠢ ᠵᠢᠴᠢ ᠭᠤᠷᠪᠠᠨ ᠵᠢᠯ ᠠᠴᠠ ᠳᠡᠭᠡᠭᠰᠢ ᠴᠠᠬᠢᠯᠭᠠᠨ ᠤ ᠰᠦᠢᠳᠬᠡᠯ ᠲᠠᠷᠬᠠᠭᠠᠭᠰᠠᠨ ᠦᠭᠡᠢ ᠮᠥᠷᠲᠡᠭᠡᠨ ᠴᠠᠬᠢᠯᠭᠠᠨ ᠤ ᠰᠦᠢᠳᠬᠡᠯ ᠤᠨ ᠦᠯᠡᠳᠡᠪᠦᠷᠢ ᠲᠤᠭ᠎ᠠ ᠲᠠᠢ ᠬᠡᠷᠡᠭᠯᠡᠭᠴᠢ︶                                               ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ                                                                  2022 ᠣᠨ ᠤ 5 ᠰᠠᠷ᠎ᠠ ᠶᠢᠨ 20 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ