ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠢᠯᠢᠳᠡᠭ ᠡᠮᠴᠢ — ᠣᠲᠣᠯᠠᠢ
ᠨᠡᠶᠢᠲᠡᠯᠡᠭᠰᠡᠨ ᠴᠠᠭ᠄
2022/5/30
   ᠤᠷᠠᠳ ᠤᠨ ᠡᠮᠦᠨᠡᠲᠦ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ ᠮᠣᠩᠭᠤᠯ ᠡᠮᠨᠡᠯᠭᠡ ᠶᠢᠨ ᠰᠠᠯᠠᠭᠠᠨ ᠤ ᠳᠠᠭᠠᠭᠤᠯᠤᠭᠴᠢ ᠣᠲᠣᠯᠠᠢ 28 ᠵᠢᠯ ᠡᠮᠴᠢᠯᠡᠭᠡᠨ ᠤ ᠠᠵᠢᠯ ᠳᠤ ᠣᠷᠣᠯᠴᠠᠵᠤ᠂ ᠮᠣᠩᠭᠤᠯ ᠡᠮ ᠡᠮᠨᠡᠯᠭᠡ ᠶᠢ ᠬᠥᠭᠵᠢᠭᠦᠯᠬᠦ ᠤᠭ ᠰᠠᠨᠠᠭ᠎ᠠ ᠪᠠᠨ ᠶᠡᠷᠦ ᠠᠴᠠ ᠬᠤᠪᠢᠷᠠᠭᠤᠯᠤᠭᠰᠠᠨ ᠦᠭᠡᠢ ᠂ ᠡᠮᠴᠢᠯᠡᠭᠡᠨ ᠤ ᠨᠢᠭᠡᠳᠦᠭᠡᠷ ᠹᠷᠣᠨᠲ ᠢ ᠪᠠᠲᠤ ᠰᠠᠬᠢᠵᠤ᠂ ᠮᠣᠩᠭᠤᠯ ᠡᠮᠨᠡᠯᠭᠡ ᠶᠢᠨ ᠬᠠᠤᠯᠢ ᠶᠢ ᠰᠤᠳᠤᠯᠤᠨ ᠨᠡᠭᠡᠭᠡᠵᠦ᠂ ᠰᠢᠨ᠎ᠡ ᠶᠢ ᠡᠭᠦᠳᠴᠦ᠂ ᠡᠪᠦᠭᠡ ᠳᠡᠭᠡᠳᠦᠰ ᠤᠨ ᠢᠶᠠᠨ ᠡᠮᠨᠡᠯᠭᠡ ᠶᠢᠨ ᠮᠡᠷᠭᠡᠵᠢᠯ ᠢ ᠤᠯᠠᠮᠵᠢᠯᠠᠨ ᠪᠠᠳᠠᠷᠠᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ︽ᠡᠮᠴᠢ ᠶᠢᠨ ᠦᠭᠭᠢᠶᠡᠮᠦᠷ ᠰᠡᠳᠬᠢᠯ ︾ ᠢ ᠪᠠᠲᠤ ᠰᠠᠬᠢᠭᠰᠠᠨ ᠪᠠᠶᠢᠨ᠎ᠠ᠃

敖涛来1.jpg

    1992 ᠣᠨ ᠳᠤ᠂ ᠣᠲᠣᠯᠠᠢ ᠤᠷᠠᠳ ᠤᠨ ᠡᠮᠦᠨᠡᠲᠦ ᠬᠤᠰᠢᠭᠤᠨ ᠤ  ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠳᠤ ᠠᠵᠢᠯᠯᠠᠵᠤ ᠡᠬᠢᠯᠡᠪᠡ ᠃ ᠲᠡᠷᠡ

ᠦᠶ᠎ᠡ ᠶᠢᠨ ᠬᠢᠲᠠᠳ ᠮᠣᠩᠭᠤᠯ  ᠡᠮᠨᠡᠯᠭᠡ ᠶᠢᠨ ᠬᠤᠷᠢᠶ᠎ᠠ ᠨᠥᠬᠦᠴᠡᠯ ᠬᠤᠴᠤᠷᠤᠩᠭᠤᠢ᠂ ᠮᠣᠩᠭᠤᠯ ᠡᠮ ᠡᠮᠨᠡᠯᠭᠡ ᠶᠢᠨ ᠮᠡᠷᠭᠡᠵᠢᠯ ᠳᠤᠲᠠᠮᠠᠭ ᠪᠠᠶᠢᠪᠠ᠃ ᠥᠪᠡᠷ ᠤᠨ

ᠰᠣᠷᠣᠭᠰᠠᠨ ᠢᠶᠠᠷ ᠢᠶᠠᠨ ᠨᠠᠩ ᠣᠯᠠᠨ ᠡᠪᠡᠳᠴᠢᠲᠡᠨ ᠳᠤ ᠠᠰᠢᠭ ᠬᠦᠷᠲᠡᠭᠡᠬᠦ ᠶᠢᠨ ᠲᠥᠯᠥᠭᠡ᠂  ᠣᠲᠣᠯᠠᠢ ᠨᠢᠭᠡ ᠰᠡᠳᠬᠢᠯ ᠢᠶᠠᠷ ᠴᠢᠷᠮᠠᠶᠢᠵᠤ᠂ ᠡᠮᠨᠡᠯᠭᠡ ᠶᠢᠨ

ᠬᠤᠷᠢᠶ᠎ᠠ ᠪᠠᠷ ᠭᠡᠷ ᠢᠶᠠᠨ ᠪᠣᠯᠭᠠᠵᠤ᠂ ᠤᠷᠢᠳ ᠬᠤᠵᠢᠳ ᠮᠣᠩᠭᠤᠯ ᠡᠮᠨᠡᠯᠭᠡ ᠶᠢᠨ ᠰᠠᠯᠠᠭ᠎ᠠ᠂ ᠮᠣᠩᠭᠤᠯ ᠡᠮᠨᠡᠯᠭᠡ ᠶᠢᠨ ᠡᠷᠡᠭᠦᠯᠵᠢᠯ ᠤᠨ ᠰᠠᠯᠠᠭ᠎ᠠ᠂ ᠮᠣᠩᠭᠤᠯ

ᠡᠮᠨᠡᠯᠭᠡ ᠶᠢᠨ ᠡᠯᠢᠭᠡ ᠰᠥᠰᠥᠨ ᠤ ᠰᠠᠯᠠᠭ᠎ᠠ᠂ ᠮᠣᠩᠭᠤᠯ ᠡᠮᠨᠡᠯᠭᠡ ᠶᠢᠨ ᠲᠠᠪᠤᠨ ᠡᠮᠴᠢᠯᠡᠭᠡᠨ ᠤ ᠰᠠᠯᠠᠭ᠎ᠠ ᠵᠡᠷᠭᠡ ᠰᠠᠯᠠᠭ᠎ᠠ ᠲᠠᠰᠤᠭ ᠢ ᠡᠭᠦᠳᠦᠨ ᠪᠠᠶᠢᠭᠤᠯᠤᠭᠰᠠᠨ

ᠪᠥᠭᠡᠳ ᠮᠣᠩᠭᠤᠯ ᠡᠮᠨᠡᠯᠭᠡ ᠶᠢᠨ ᠠᠷᠭ᠎ᠠ ᠶᠢ ᠨᠢᠭᠡ ᠯᠡ ᠰᠡᠳᠬᠢᠯ ᠢᠶᠠᠷ ᠰᠤᠳᠤᠯᠵᠤ᠂ ᠣᠯᠠᠨ ᠵᠢᠯ ᠤᠨ ᠲᠤᠷᠰᠢ ᠪᠠᠷᠢᠮᠲᠠᠯᠠᠭᠰᠠᠨ ᠢᠶᠠᠷ ᠥᠷᠭᠡᠨ ᠣᠯᠠᠨ

ᠡᠪᠡᠳᠴᠢᠲᠡᠨ ᠤ ᠵᠥᠪᠰᠢᠶᠡᠷᠡᠯ ᠪᠠ ᠢᠲᠡᠭᠡᠯ ᠢ ᠣᠯᠣᠭᠰᠠᠨ ᠪᠠᠶᠢᠨ᠎ᠠ᠃

    ᠦ᠋ ᠶᠠᠨ ᠴᠢᠶᠣᠤ ᠪᠣᠯ ᠨᠢᠭᠡᠨ 7 ᠵᠢᠯ ᠤᠨ ᠲᠠᠷᠢᠬᠢᠨ ᠤ ᠪᠤᠯᠴᠢᠩ ᠤᠨ ᠡᠪᠡᠳᠴᠢᠨ ᠤ ᠲᠡᠦᠬᠡ ᠲᠠᠢ ᠡᠪᠡᠳᠴᠢᠲᠡᠨ ᠶᠤᠮ᠂  ᠣᠲᠣᠯᠠᠢ ᠲᠡᠭᠦᠨ ᠳᠤ ᠵᠡᠭᠦᠦ

ᠲᠥᠭᠡᠨᠡᠯᠭᠡ ᠪᠠ ᠬᠡᠯᠡᠨ ᠤ ᠳᠣᠣᠷ᠎ᠠ ᠨᠢ ᠴᠢᠰᠤ ᠲᠠᠯᠪᠢᠬᠤ ᠵᠠᠰᠠᠯ ᠬᠢᠵᠦ ᠥᠭᠭᠦᠭᠰᠡᠨ ᠤ ᠲᠠᠷᠠᠭ᠎ᠠ᠂ ᠬᠡᠳᠦᠨ ᠡᠳᠦᠷ ᠤᠨ ᠳᠣᠲᠣᠷ᠎ᠠ ᠲᠡᠭᠦᠨ ᠤ ᠠᠵᠢᠯᠯᠠᠭᠠᠨ ᠤ

ᠴᠢᠳᠠᠪᠤᠷᠢ ᠨᠢ ᠢᠯᠡᠳᠲᠡ ᠰᠠᠶᠢᠵᠢᠷᠠᠭᠰᠠᠨ ᠪᠠᠶᠢᠨ᠎ᠠ᠃

敖涛来2.jpg

 

       ︽ᠥᠩᠭᠡᠷᠡᠭᠰᠡᠨ ᠳᠤ ᠦ᠋ ᠶᠠᠨ ᠴᠢᠶᠣᠤ  ᠶᠢᠨ ᠲᠣᠯᠣᠭᠠᠢ  ᠶᠢᠨ ᠬᠡᠰᠡᠭ ᠤᠨ ᠴᠢᠰᠤᠨ ᠰᠤᠳᠠᠯ ᠨᠢ ᠪᠦᠷᠢᠮᠦᠰᠦᠨ ᠪᠥᠭᠯᠡᠷᠡᠵᠦ᠂ ᠵᠠᠮ ᠶᠠᠪᠤᠬᠤ ᠳᠤ ᠴᠤ

ᠬᠦᠴᠢᠷᠳᠡᠵᠦ᠂ ᠭᠡᠷ ᠤᠨ ᠬᠥᠮᠥᠰ ᠨᠢ ᠶᠡᠭᠡ ᠰᠠᠨᠳᠤᠷᠴᠤ᠂ ᠰᠠᠨᠠᠭ᠎ᠠ ᠵᠣᠪᠠᠵᠤ ᠪᠠᠶᠢᠪᠠ᠂ ᠬᠥᠮᠥᠰ ᠤᠨ ᠬᠡᠯᠡᠬᠦ ᠪᠠᠷ ᠣᠲᠣᠯᠠᠢ ᠡᠮᠴᠢ ᠢᠶᠠᠷ ᠡᠮᠴᠢᠯᠡᠭᠦᠯᠦᠭᠡᠳ ᠶᠡᠭᠡ

ᠰᠠᠶᠢᠨ ᠭᠡᠨ᠎ᠡ᠂ ᠪᠢᠳᠡ ᠲᠤᠷᠰᠢᠵᠤ ᠦᠵᠡᠬᠦ ᠣᠪᠣᠷ ᠢᠶᠠᠷ ᠢᠷᠡᠵᠦ ᠵᠠᠰᠠᠵᠠᠢ᠂ ᠬᠡᠳᠦᠨ ᠡᠳᠦᠷ ᠵᠡᠭᠦᠦ ᠬᠠᠳᠬᠤᠭᠰᠠᠨ ᠳᠤ ᠲᠡᠷᠡ ᠬᠥᠩᠭᠡᠨ ᠱᠠᠯᠠᠮᠠᠭᠠᠢ ᠠᠯᠬᠤᠵᠤ᠂

ᠨᠢᠳᠦ ᠨᠢ ᠴᠦ ᠭᠡᠷᠡᠯᠲᠦᠵᠦ᠂ ᠦᠭᠡ ᠬᠡᠯᠡᠨ ᠤ ᠢᠯᠡᠳᠬᠡᠬᠦ ᠴᠢᠳᠠᠪᠤᠷᠢ ᠨᠢ ᠥᠩᠭᠡᠷᠡᠭᠰᠡᠨ ᠤ ᠬᠢ ᠠᠴᠠ ᠪᠠᠨ ᠰᠠᠶᠢᠨ ᠪᠣᠯᠤᠭᠰᠠᠨ  ᠪᠠᠶᠢᠨ᠎ᠠ︾  ᠭᠡᠵᠦ

ᠡᠪᠡᠳᠴᠢᠲᠡᠨ ᠤ ᠭᠡᠷ ᠤᠨ ᠬᠥᠮᠥᠨ ᠴᠢᠨ ᠵᠢᠶᠦ᠋ᠨ ᠮᠧᠢ ᠬᠡᠯᠡᠪᠡ᠃

      ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠪᠣᠯᠤᠭᠰᠠᠨ ᠤ ᠳᠠᠷᠠᠭ᠎ᠠ᠂ ᠣᠲᠣᠯᠠᠢ  ᠮᠦᠨ ᠯᠡ ᠡᠮᠴᠢᠯᠡᠭᠡᠨ ᠤ ᠨᠢᠭᠡᠳᠦᠭᠡᠷ ᠹᠷᠣᠨᠲ ᠲᠤ ᠠᠵᠢᠯᠯᠠᠵᠤ᠂

ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠰᠤᠳᠤᠯᠭᠠᠨ ᠤ ᠠᠵᠢᠯ ᠳᠤ ᠦᠨᠳᠦᠰᠦᠯᠡᠵᠦ᠂ ︽  ᠣᠲᠣᠯᠠᠢ ᠶᠢᠨ ᠮᠣᠩᠭᠤᠯ ᠡᠮᠨᠡᠯᠭᠡ ᠶᠢᠨ ᠤᠯᠠᠮᠵᠢᠯᠠᠵᠤ ᠰᠢᠨ᠎ᠡ ᠶᠢ

ᠡᠭᠦᠳᠬᠦ ᠠᠵᠢᠯ ᠤᠨ ᠲᠠᠰᠤᠭ︾ ᠢ ᠪᠠᠶᠢᠭᠤᠯᠤᠨ᠂ ᠮᠣᠩᠭᠤᠯ ᠡᠮᠨᠡᠯᠭᠡ ᠶᠢᠨ ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠰᠤᠳᠤᠯᠭᠠᠨ ᠪᠠ ᠦᠷ᠎ᠡ ᠪᠦᠲᠦᠭᠡᠯ ᠤᠨ

ᠬᠤᠪᠢᠷᠠᠭᠤᠯᠤᠯᠲᠠ ᠶᠢ ᠥᠷᠨᠢᠭᠦᠯᠵᠦ᠂ ᠲᠣᠪᠣᠶᠢᠮ᠎ᠠ ᠠᠮᠵᠢᠯᠲᠠ ᠣᠯᠣᠭᠰᠠᠨ ᠪᠠᠶᠢᠨ᠎ᠠ᠃

     ᠣᠲᠣᠯᠠᠢ ᠡᠪᠡᠳᠴᠢᠲᠡᠨ ᠳᠤ ᠬᠠᠯᠠᠭᠤᠨ ᠰᠡᠳᠬᠢᠯ ᠲᠠᠢ᠂ ᠨᠥᠬᠦᠷᠰᠡᠭ᠂ ᠡᠪᠡᠳᠴᠢᠲᠡᠨ ᠤ ᠰᠠᠨᠠᠭᠠᠰᠢᠷᠠᠯ ᠢᠶᠠᠷ ᠦᠪᠡᠷ ᠤᠨ ᠰᠠᠨᠠᠭᠠᠰᠢᠷᠠᠯ ᠢᠶᠠᠨ ᠪᠣᠯᠭᠠᠵᠤ᠂

ᠡᠷᠬᠢᠮ ᠳᠡᠭᠡᠳᠦ ᠡᠮᠴᠢ ᠶᠢᠨ ᠮᠣᠷᠠᠯ᠂  ᠨᠠᠷᠢᠯᠢᠭ ᠨᠢᠮᠪᠠᠢ ᠡᠮᠴᠢ ᠶᠢᠨ ᠮᠡᠷᠭᠡᠵᠢᠯ ᠢᠶᠠᠷ ᠢᠶᠠᠨ ᠵᠠᠯᠠᠭᠤ ᠡᠮᠴᠢ ᠶᠢᠨ ᠳᠠᠭᠤᠷᠢᠶᠠᠯ ᠪᠣᠯᠤᠭᠰᠠᠨ ᠪᠠᠶᠢᠨ᠎ᠠ᠃

敖涛来3.jpg

     ︽ᠡᠮᠴᠢ ᠪᠣᠯᠪᠠᠯ ᠲᠠᠰᠤᠷᠠᠯᠲᠠ ᠦᠭᠡᠢ ᠰᠤᠷᠤᠯᠴᠠᠬᠤ ᠬᠡᠷᠡᠭᠲᠡᠢ᠂ ᠭᠤᠷᠪᠠᠨ ᠡᠳᠦᠷ ᠨᠣᠮ ᠪᠢᠴᠢᠭ ᠦᠵᠡᠬᠦ ᠦᠭᠡᠢ ᠪᠣᠯ ᠡᠩᠨᠡᠭᠡ ᠠᠴᠠ ᠪᠠᠨ ᠬᠤᠴᠣᠷᠬᠤ

ᠪᠣᠯᠣᠨ᠎ᠠ᠂ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠳᠤ ᠡᠷᠬᠡᠪᠰᠢ ᠣᠯᠠᠨ ᠤ ᠰᠠᠶᠢᠨᠲᠠᠢ ᠲᠠᠯ᠎ᠠ ᠶᠢ ᠥᠷᠭᠡᠨ ᠢᠶᠠᠷ ᠰᠢᠩᠭᠡᠬᠡᠨ ᠠᠪᠴᠤ᠂ ᠬᠢᠲᠠᠳ

ᠡᠮᠨᠡᠯᠭᠡ᠂ ᠮᠢᠶᠣᠣ ᠡᠮᠨᠡᠯᠭᠡ ᠵᠡᠷᠭᠡ ᠰᠢᠯᠢᠳᠡᠭ ᠡᠮᠴᠢᠯᠡᠭᠡᠨ ᠤ ᠮᠡᠷᠭᠡᠵᠢᠯ ᠢᠶᠠᠷ ᠲᠣᠯᠢ ᠪᠣᠯᠭᠠᠬᠤ ᠬᠡᠷᠡᠭᠲᠡᠢ᠂ ᠭᠠᠭᠴᠠ ᠬᠦ ᠲᠠᠰᠤᠷᠠᠯᠲᠠ ᠦᠭᠡᠢ ᠰᠤᠷᠤᠯᠴᠠᠪᠠᠯ ᠰᠠᠶ᠋ᠢ

ᠡᠪᠡᠳᠴᠢᠲᠡᠨ ᠢ ᠨᠠᠩ ᠰᠠᠶᠢᠨ ᠠᠪᠤᠷᠠᠨ ᠵᠠᠰᠠᠵᠤ ᠴᠢᠳᠠᠨ᠎ᠠ︾ ᠭᠡᠳᠡᠭ ᠪᠣᠯ ᠣᠲᠣᠯᠠᠢ ᠶᠢᠨ ᠡᠮᠴᠢᠯᠡᠭᠡᠨ ᠤ ᠡᠮᠴᠢ ᠪᠣᠯᠤᠭᠰᠠᠨ ᠤ ᠬᠤᠪᠢ ᠳᠤ ᠠᠪᠤᠭᠰᠠᠨ ᠣᠪᠣᠷ

ᠪᠣᠯᠬᠤ ᠪᠥᠭᠡᠳ ᠵᠠᠯᠠᠭᠤ ᠡᠮᠴᠢ ᠨᠠᠷ ᠲᠤ ᠵᠠᠬᠢᠭᠰᠠᠨ ᠬᠠᠮᠤᠭ ᠤᠨ ᠣᠯᠠᠨ ᠵᠦᠢᠯ ᠪᠣᠯᠣᠨ᠎ᠠ᠃

     ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ ᠭᠡᠳᠡᠭ ᠢᠶᠠᠷ ᠣᠯᠠᠨ ᠵᠢᠯ ᠤᠨ ᠲᠤᠷᠰᠢ ᠣᠲᠣᠯᠠᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ

ᠲᠡᠷᠢᠭᠦᠨ ᠤ ᠠᠵᠢᠯᠲᠠᠨ᠂ ᠦᠨᠳᠦᠰᠦᠨ ᠱᠠᠲᠤᠨ ᠤ ᠨᠠᠷᠠᠲᠤ ᠮᠣᠩᠭᠤᠯ ᠡᠮᠴᠢ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠵᠦ᠂ ᠲᠡᠭᠦᠨ ᠤ ᠳᠠᠭᠠᠭᠤᠯᠤᠭᠰᠠᠨ

ᠮᠣᠩᠭᠤᠯ ᠡᠮᠴᠢᠯᠡᠭᠡᠨ ᠤ ᠮᠡᠷᠭᠡᠵᠢᠯ ᠤᠨ ᠰᠠᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠢᠩᠬᠢᠮ ᠠᠴᠠ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮᠴᠢᠯᠡᠭᠡᠨ ᠤ ᠣᠨᠴᠠᠯᠢᠭ ᠳᠠᠪᠠᠭᠤᠯᠢᠭ ᠲᠠᠢ ᠭᠤᠣᠯᠳᠠᠯᠭᠠᠲᠤ ᠲᠤᠰᠬᠠᠢ ᠮᠡᠷᠭᠡᠵᠢᠯ︾ ᠢᠶᠠᠷ ᠦᠨᠡᠯᠡᠵᠡᠢ᠃

 

敖涛来4.jpg

 

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ