ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠴᠡᠭᠴᠡᠯᠡᠨ ᠵᠠᠰᠠᠬᠤ ᠲᠤᠰᠬᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/30
     ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠴᠡᠭᠴᠡᠯᠡᠨ ᠵᠠᠰᠠᠬᠤ ᠪᠥᠬᠦ ᠤᠯᠤᠰ ᠤᠨ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠵᠤ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠠᠬᠢᠭᠤᠯᠪᠠ᠃

养老诈骗1.jpg

        ᠣᠶᠢᠷ᠎ᠠ ᠶᠢᠨ ᠡᠳᠦᠷ᠂ ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠤᠯᠠᠭᠠᠨᠰᠤᠬᠠᠢ᠂ ᠯᠢᠨ ᠬᠠᠢ ᠠᠭᠤᠳᠠᠮ

ᠲᠠᠯᠠᠪᠠᠢ ᠵᠡᠷᠭᠡ  ᠭᠠᠵᠠᠷ ᠲᠤ ᠭᠦᠨᠵᠡᠭᠡᠶᠢᠷᠡᠨ ︽ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠢᠩᠭ᠎ᠠ ᠴᠣᠬᠢᠯᠲᠠ ᠥᠭᠴᠦ ᠣᠯᠠᠨ ᠲᠦᠮᠡᠨ ᠤ ᠡᠳ᠋ ᠬᠥᠷᠥᠩᠭᠡ ᠶᠢᠨ

ᠠᠮᠤᠷ ᠲᠦᠪᠰᠢᠨ ᠢ ᠡᠷᠡᠰ ᠬᠠᠮᠠᠭᠠᠯᠠᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠳᠤ᠂ ᠺᠠᠳ᠋ᠷ ᠴᠠᠭᠳᠠᠭ᠎ᠠ ᠨᠠᠷ ᠠᠴᠠ

ᠤᠬᠠᠭᠤᠯᠭ᠎ᠠ ᠶᠢᠨ ᠪᠢᠴᠢᠭᠡᠰᠦ ᠪᠠᠷ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ ︽ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶᠠᠨ ᠤ ᠨᠠᠰᠤᠵᠢᠯ ᠤᠨ

ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾᠂ ︽ᠦᠷᠭᠦᠯᠵᠢ ᠲᠣᠬᠢᠶᠠᠯᠳᠤᠳᠠᠭ

ᠠᠷᠪᠠᠨ ᠵᠦᠢᠯ ᠤᠨ ︿ᠨᠠᠰᠤᠵᠢᠯ ᠤᠨ ᠠᠰᠠᠷᠠᠮᠵᠢ ᠶᠢᠨ ᠮᠡᠬᠡᠯᠡᠯ﹀ ᠤᠨ ᠤᠨᠠᠭᠤᠯᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠤᠨ

ᠨᠠᠰᠤᠲᠠᠶᠢᠴᠤᠳ ᠲᠤ ᠴᠢᠭᠯᠡᠭᠦᠯᠦᠭᠰᠡᠨ ︽ᠦᠨ᠎ᠡ ᠲᠥᠯᠥᠪᠦᠷᠢ ᠥᠬᠡᠶ ᠪᠠᠷ ᠪᠠᠷᠠᠭ᠎ᠠ ᠬᠤᠳᠠᠯᠳᠤᠨ ᠠᠪᠬᠤ᠂ ᠪᠡᠯᠡᠭ ᠰᠡᠯᠲᠡ ᠬᠦᠷᠭᠡᠬᠦ︾᠂ ︽ᠡᠷᠡᠭᠦᠯᠵᠢᠯ ᠤᠨ

ᠡᠳ᠋ ᠢᠶᠠᠷ ᠮᠡᠬᠡᠯᠡᠬᠦ︾᠂ ︽ᠱᠠᠩᠨᠠᠯ ᠢᠶᠠᠷ ᠮᠡᠬᠡᠯᠡᠬᠦ︾᠂ ︽ᠬᠢᠮᠳᠠ ᠦᠨ᠎ᠡ ᠪᠠᠷ ᠵᠢᠭᠤᠯᠴᠢᠯᠠᠬᠤ︾᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ

ᠬᠤᠷᠢᠶᠠᠨ ᠤ ᠠᠵᠢᠯᠲᠠᠨ ᠢᠶᠠᠷ ᠣᠪᠯᠠᠬᠤ ᠵᠡᠷᠭᠡ ᠪᠠᠶᠢᠩᠭᠤ ᠲᠣᠬᠢᠶᠠᠯᠳᠤᠳᠠᠭ ᠮᠡᠬᠡᠯᠡᠬᠦ ᠠᠷᠭ᠎ᠠ ᠪᠠᠷᠢᠯ ᠢ ᠨᠠᠷᠢᠨ  ᠲᠠᠶᠢᠯᠪᠤᠷᠢᠯᠠᠪᠠ᠃ ᠡᠭᠦᠨ ᠠᠴᠠ ᠭᠠᠳᠠᠨ᠎ᠠ ᠪᠠᠰᠠ

ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠤᠬᠠᠭᠤᠯᠭ᠎ᠠ ᠪᠠᠨ ᠴᠢᠩᠭᠠᠳᠬᠠᠵᠤ᠂ ᠡᠳᠦᠷ ᠪᠦᠷᠢ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠪᠢᠴᠢᠯ

ᠪᠦᠷᠭᠡ ᠵᠡᠷᠭᠡ ᠲᠠᠪᠴᠠᠩ ᠳᠤ  ᠨᠡᠶᠢᠲᠡᠯᠢᠭ ᠬᠡᠷᠡᠭ ᠤᠨ ᠵᠢᠱᠢᠶ᠎ᠡ᠂ ᠮᠡᠬᠡᠯᠡᠯ ᠢ ᠡᠰᠡᠷᠭᠦᠴᠡᠬᠦ ᠶᠡᠷᠦ ᠶᠢᠨ ᠮᠡᠳᠡᠯᠭᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ

ᠨᠡᠶᠢᠲᠡᠯᠡᠵᠦ᠂  ᠨᠠᠰᠤᠲᠠᠶᠢᠴᠤᠳ ᠢ ᠬᠠᠪᠰᠤᠷᠤᠨ ᠬᠠᠤᠯᠢᠵᠢᠯ ᠤᠨ ᠤᠬᠠᠮᠰᠠᠷ ᠪᠠ ᠮᠡᠬᠡᠯᠡᠯ ᠢ ᠲᠠᠨᠢᠵᠤ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂

ᠮᠡᠬᠡᠯᠡᠭᠳᠡᠬᠦ ᠠᠴᠠ ᠵᠠᠶᠢᠯᠠᠰᠬᠢᠵᠦ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠨ ᠰᠠᠶᠢᠲᠤᠷ  ᠬᠠᠮᠠᠭᠠᠯᠠᠬᠤ ᠶᠢ ᠣᠬᠠᠭᠤᠯᠣᠭᠰᠠᠨ ᠪᠠᠶᠢᠨ᠎ᠠ᠃  ᠣᠶᠢᠷ᠎ᠠ

 ᠶᠢᠨ ᠡᠳᠦᠷ ᠲᠤ ᠦᠷᠨᠢᠭᠦᠯᠦᠭᠰᠡᠨ ᠬᠤᠶᠠᠷ ᠤᠳᠠᠭᠠᠨ ᠤ ᠠᠵᠢᠯᠯᠠᠭᠠᠨ ᠳᠤ  ᠬᠤᠷᠢᠶᠠᠨ ᠠᠴᠠ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ

ᠲᠠᠷᠬᠠᠭᠠᠵᠤ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠯᠠᠪᠯᠠᠭ᠎ᠠ ᠶᠢ 40 ᠭᠠᠷᠤᠶ ᠤᠳᠠᠭ᠎ᠠ ᠭᠥᠯᠢᠶᠡᠨ ᠠᠪᠣᠪᠠ᠃

         ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ

ᠬᠦᠢᠴᠡᠳ ᠪᠠᠳᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂

ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠬᠠᠭᠤᠯᠭ᠎ᠠ ᠶᠢ ᠭᠦᠨᠵᠡᠭᠡᠶ ᠥᠷᠨᠢᠭᠦᠯᠵᠦ᠂ ᠨᠠᠰᠤᠵᠢᠯ ᠤᠨ

ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠬᠠᠮᠠᠭᠠᠯᠠᠯᠲᠠ ᠶᠢᠨ ᠲᠤᠤᠷ ᠢ ᠪᠠᠲᠤ ᠴᠣᠭᠴᠠᠯᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ

ᠪᠠᠲᠤᠯᠠᠵᠤ᠂ ᠨᠠᠰᠤᠲᠠᠶᠢᠴᠤᠳ ᠤᠨ ︽ᠵᠣᠭᠤᠰᠣᠨ ᠴᠦᠩᠬᠦ︾ ᠶᠢ ᠰᠠᠶᠢᠲᠤᠷ ᠰᠠᠬᠢᠨ ᠬᠠᠮᠠᠭᠠᠯᠠᠵᠤ᠂  ᠲᠡᠳᠡᠨ ᠤ ᠥᠲᠡᠯᠦᠭᠡ ᠨᠠᠰᠤ ᠪᠠᠨ ᠵᠣᠯ ᠵᠢᠷᠭᠠᠯ ᠲᠠᠢ ᠪᠠᠷ

ᠦᠩᠭᠡᠷᠡᠭᠦᠯᠵᠦ᠂ ᠨᠡᠶᠢᠭᠡᠮ ᠤᠨ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠪᠣᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ