ᠨᠡᠶᠢᠲᠡ ᠶᠢᠨ ᠠᠰᠠᠷᠠᠮᠵᠢ ᠶᠢᠨ ᠵᠠᠷᠭᠤ ᠪᠠᠷ ᠤᠯᠠᠭᠠᠨᠰᠤᠬᠠᠢ ᠶᠢ ᠰᠠᠬᠢᠨ ᠬᠠᠮᠠᠭᠠᠯᠠᠵᠤ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠦᠷᠡᠵᠢᠭᠦᠯᠵᠦ ᠰᠡᠷᠭᠦᠭᠡᠨ ᠵᠠᠰᠠᠪᠠ
ᠨᠡᠶᠢᠲᠡᠯᠡᠭᠰᠡᠨ ᠴᠠᠭ᠄
2022/5/30
     ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠡ ᠬᠠᠮᠲᠤᠷᠠᠨ ᠤᠯᠠᠭᠠᠨᠰᠤᠬᠠᠢ ᠳᠤ ᠠᠮᠢ ᠠᠬᠤᠶ ᠶᠢ ᠵᠠᠰᠠᠨ ᠰᠡᠷᠭᠦᠭᠡᠬᠦ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯᠯᠠᠭ᠎ᠠ ᠥᠷᠨᠢᠭᠦᠯᠪᠡ᠃     ᠣᠶᠢᠯᠠᠭᠠᠭᠰᠠᠨ ᠢᠶᠠᠷ᠂ ᠲᠣᠰ ᠣᠳᠠᠭ᠎ᠠ ᠤᠯᠠᠭᠠᠨᠰᠤᠬᠠᠢ ᠨᠠᠭᠤᠷ ᠲᠤ 110000 ᠭᠠᠷᠤᠶ ᠲᠥᠭᠦᠷᠢᠭ ᠤᠨ ᠥᠷᠲᠡᠭ ᠲᠠᠢ 11000 ᠭᠠᠷᠤᠶ ᠵᠢᠩ ᠣᠯᠠᠨ ᠲᠦᠷᠦᠯ ᠤᠨ ᠵᠢᠭᠠᠰᠣ ᠵᠢᠷᠠᠭᠠᠬᠠᠶ ᠶᠢ ᠤᠯᠠᠭᠠᠨᠰᠤᠬᠠᠢ ᠨᠠᠭᠤᠷ ᠲᠤ ᠲᠠᠯᠪᠢᠵᠤ᠂ ᠨᠠᠭᠤᠷ ᠤᠨ ᠤᠰᠤᠨ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ᠃ ᠡᠭᠦᠨ ᠤ ᠲᠣᠲᠣᠷᠠᠬᠢ ᠵᠢᠭᠠᠰᠣ ᠵᠢᠷᠠᠭᠠᠬᠠᠶ ᠶᠢ ᠬᠤᠳᠠᠯᠳᠤᠨ ᠠᠪᠤᠭᠰᠠᠨ 8 ᠲᠦᠮᠡ ᠭᠠᠷᠤᠶ ᠲᠥᠭᠦᠷᠢᠭ ᠨᠢ ᠬᠤᠰᠢᠭᠤᠨ ᠤ ᠪᠠᠶᠢᠴᠠᠭᠠᠬᠤ ᠬᠤᠷᠢᠶᠠᠨ ᠤ ᠨᠢᠳᠤᠨᠤᠨ ᠰᠢᠢᠳᠪᠦᠷᠢᠯᠡᠭᠰᠡᠨ ᠬᠡᠷᠡᠭ ᠪᠠᠶᠢᠵᠤ᠂ ᠲᠣᠰ ᠭᠠᠵᠠᠷ ᠣᠷᠣᠨ ᠤ ᠠᠩᠬᠠᠳᠠᠭᠴᠢ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠲᠠᠬᠢ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠤᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠦᠷᠢ ᠶᠢᠨ ᠮᠥᠩᠭᠦ ᠠᠴᠠ ᠢᠷᠡᠯᠲᠡ ᠲᠠᠢ ᠶᠣᠮ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ᠂ ᠣᠷᠴᠢᠨ ᠠᠬᠤᠶ ᠶᠢ ᠬᠠᠮᠠᠭᠠᠯᠠᠬᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ  ᠲᠡᠭᠡᠭᠰᠢᠯᠡᠬᠦᠯᠪᠡ᠃     ᠡᠨᠡ ᠪᠣᠯ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠶᠢᠨ ᠠᠵᠢᠯᠯᠠᠭ᠎ᠠ ᠪᠣᠯᠬᠤ ᠪᠠᠷ ᠪᠠᠷᠠᠬᠤ ᠥᠬᠡᠶ ᠪᠠᠰᠠ ᠴᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠤᠯᠢ ᠪᠠᠷ ᠵᠠᠰᠠᠬᠤ ᠬᠥᠮᠦᠵᠢᠯ ᠤᠨ ᠠᠮᠢᠳᠤᠯᠢᠭ ᠵᠢᠱᠢᠶ᠎ᠠ ᠪᠣᠯᠣᠨ᠎ᠠ᠃ ᠬᠤᠶᠢᠰᠢᠳᠠ ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠬᠦᠯᠵᠦ᠂ ᠤᠯᠠᠭᠠᠨᠰᠤᠬᠠᠢ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠶᠢ ᠡᠬᠦᠷᠭᠡᠯᠡᠨ᠂ ᠥᠷᠭᠡᠨ ᠤᠯᠠᠨ ᠲᠦᠮᠡᠨ ᠤ ᠣᠷᠴᠢᠨ ᠲᠣᠭᠤᠷᠢᠨ ᠢ ᠬᠠᠶᠢᠷᠠᠯᠠᠬᠤ᠂ ᠪᠠᠶᠢᠭᠠᠯᠢ ᠶᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠦ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠤᠨ ᠡᠷᠬᠢᠯᠡᠭᠴᠢ ᠮᠥ ᠢ ᠯᠢᠶᠠᠩ ᠶᠠᠷᠢᠵᠤ ᠪᠠᠶᠢᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ