ᠸᠠᠩ ᠵᠢᠶᠦ᠋ᠨ ᠵᠢᠶᠧ ᠪᠦᠯᠬᠦᠮ ᠳᠠᠭᠠᠭᠤᠯᠤᠨ ᠤᠷᠠᠳ ᠤᠨ ᠬᠤᠶᠢᠲᠤ ᠬᠤᠰᠢᠭᠤ᠂ ᠳ᠋ᠧᠩᠺᠸᠤ ᠰᠢᠶᠠᠨ ᠳᠤ ᠬᠦᠷᠴᠦ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/5/30
     5 ᠰᠠᠷ᠎ᠠ ᠶᠢᠨ 29 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠪᠦᠯᠬᠦᠮ ᠳᠠᠭᠠᠭᠤᠯᠤᠨ ᠤᠷᠠᠳ ᠤᠨ ᠬᠤᠶᠢᠲᠤ ᠬᠤᠰᠢᠭᠤ᠂ ᠳ᠋ᠧᠩᠺᠸᠤ ᠰᠢᠶᠠᠨ ᠳᠤ ᠬᠦᠷᠴᠦ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃

考察1.jpg

     ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠠᠷᠠᠨᠴᠡᠴᠡᠭ᠂

ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠬᠠᠶ ᠴᠢᠩ ᠪᠣᠯᠤᠨ  ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ

ᠪᠠᠶᠢᠴᠠᠭᠠᠬᠤ ᠳᠤ ᠣᠷᠣᠯᠴᠠᠪᠠ᠃

考察2.jpg

      ᠸᠠᠩ ᠵᠢᠶᠦ᠋ᠨ ᠵᠢᠶᠧ ᠨᠡᠷ ᠤᠷᠢᠳ ᠬᠤᠵᠢᠳ ᠤᠷᠠᠳ ᠤᠨ ᠬᠤᠶᠢᠲᠤ ᠬᠤᠰᠢᠭᠤᠨ ᠤ ᠥᠪᠥᠷ ᠮᠣᠩᠭᠤᠯ ᠤᠨ ᠾᠧᠢ ᠮᠤᠤ ᠨᠡᠭᠦᠷᠡᠰᠦ ᠬᠢᠮᠢ ᠶᠢᠨ ᠠᠵᠤ

ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠦᠸᠧ ᠴᠧᠩ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠵᠠᠭᠠᠷᠲᠤ ᠺᠣᠮᠫᠠᠨᠢ᠂ ᠥᠪᠥᠷ

ᠮᠣᠩᠭᠤᠯ ᠤᠨ ᠶᠢᠨ ᠬᠤᠣ ᠲᠧ ᠪᠠᠷᠠᠭᠠᠨ ᠤ ᠬᠦᠢᠯᠭᠡᠭᠡᠨ ᠤ ᠬᠦᠷᠢᠶᠡᠯᠡᠩ ᠂ ᠥᠪᠥᠷ ᠮᠣᠩᠭᠤᠯ ᠤᠨ ᠺᠧ ᡂᠢ ᠠᠮᠢᠳᠤ ᠪᠣᠳᠠᠰ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠶᠢᠩ ᠬᠤᠩ ᠦᠢᠯᠡᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠷᠠᠨ ᠮᠠᠯ ᠠᠵᠤ ᠠᠬᠤᠶ ᠶᠢᠨ ᠲᠦᠮᠡᠨ ᠦᠬᠡᠷ ᠲᠡᠵᠢᠭᠡᠨ ᠦᠷᠡᠵᠢᠭᠦᠯᠬᠦ ᠬᠦᠷᠢᠶᠡᠯᠡᠩ  ᠪᠣᠯᠤᠨ ᠥᠪᠥᠷ ᠮᠣᠩᠭᠤᠯ ᠤᠨ

ᠶᠢᠩ ᠬᠦ᠋ ᠰᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳ᠋ᠧᠩᠺᠸᠤ ᠰᠢᠶᠠᠨ ᠤ ᠥᠪᠥᠷ ᠮᠣᠩᠭᠤᠯ ᠤᠨ ᠬᠤᠸᠠ ᠷᠦᠨ ᠶᠢᠨ

ᠨᠢᠦ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ᠂ ᠮᠧᠩ ᠨᠢᠦ ᠰᠦ ᠶᠢᠨ ᠦᠢᠯᠡᠰ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ

᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ‌ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ

ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠡᠯ᠎ᠡ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠤᠷ᠎ᠠ

ᠮᠡᠷᠭᠡᠰᠢᠯ ᠤᠨ ᠶᠠᠪᠤᠴᠠ᠂ ᠠᠵᠤ ᠠᠬᠤᠢ ᠶᠢᠨ ᠦᠷ᠎ᠡ ᠠᠰᠢᠭ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃

考察3.jpg

 

      ᠰᠢᠨᠵᠢᠯᠡᠨ ᠪᠠᠶᠢᠴᠠᠭᠠᠬᠤ ᠳᠤᠮᠳᠠ᠂ ᠸᠠᠩ ᠵᠢᠶᠦ᠋ᠨ ᠵᠢᠶᠧ ᠬᠡᠯᠡᠬᠦ ᠳᠡᠭᠡᠨ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠮᠠᠰᠢ ᠶᠡᠭᠡ ᠣᠯᠤᠯᠲᠠ ᠲᠠᠢ᠂

ᠬᠤᠶᠠᠷ ᠬᠤᠰᠢᠭᠤ ᠰᠢᠶᠠᠨ  ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠲᠠᠯ᠎ᠠ  ᠨᠢ ᠴᠥᠮ ᠪᠢᠳᠡᠨ ᠤ ᠲᠣᠯᠢ ᠪᠣᠯᠭᠠᠵᠤ ᠰᠤᠷᠤᠯᠴᠠᠭᠤᠰᠢᠲᠠᠶ

ᠵᠦᠢᠯ ᠪᠤᠯᠤᠨ᠎ᠠ᠂ ᠪᠢᠳᠡ ᠲᠡᠳᠡᠨ ᠤ  ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠵᠤ᠂ ᠠᠵᠤ ᠦᠢᠯᠡᠰ ᠢ ᠪᠤᠵᠠᠭᠠᠶᠢᠷᠠᠭᠤᠯᠬᠤ ᠳᠤ

ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ ᠶᠢ ᠠᠳᠬᠤᠬᠤ ᠮᠥᠷᠲᠡᠭᠡᠨ ᠪᠠᠰᠠ ᠨᠡᠮᠡᠭᠳᠡᠯ ᠤᠨ ᠬᠡᠮᠵᠢᠶ᠎ᠡ ᠶᠢ ᠪᠤᠶᠢᠵᠢᠭᠤᠯᠬᠤ ᠶᠢ ᠠᠳᠬᠤᠬᠤ ᠬᠡᠷᠡᠭᠲᠡᠶ᠂

ᠬᠤᠳᠠᠯᠳᠤᠭᠠᠴᠢᠨ ᠤᠷᠢᠵᠤ ᠪᠠᠯᠠ ᠮᠥᠩᠭᠦ ᠣᠷᠣᠭᠤᠯᠬᠤ ᠳᠤ ᠲᠤᠭ᠎ᠠ ᠬᠡᠮᠵᠢᠶ᠎ᠡ ᠶᠢ ᠴᠢᠬᠤᠯᠠᠴᠢᠯᠠᠬᠤ ᠪᠠᠷ ᠪᠠᠷᠠᠬᠤ ᠥᠬᠡᠶ ᠶᠠᠰᠤ ᠴᠢᠨᠠᠷ ᠢ ᠨᠠᠩ ᠴᠢᠬᠤᠯᠠᠴᠢᠯᠠᠬᠤ

ᠬᠡᠷᠡᠭᠲᠡᠶ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠬᠠᠲᠠᠭᠤ ᠲᠣᠨᠤᠭ ᠢ ᠴᠢᠬᠤᠯᠠᠴᠢᠯᠠᠬᠤ ᠪᠠᠷ ᠪᠠᠷᠠᠬᠤ ᠥᠬᠡᠶ ᠵᠥᠭᠡᠯᠡᠨ ᠲᠣᠨᠤᠭ ᠢ ᠨᠠᠩ

ᠴᠢᠬᠤᠯᠠᠴᠢᠯᠠᠬᠤ ᠬᠡᠷᠡᠭᠲᠡᠶ ᠬᠡᠰᠡᠨ ᠪᠠᠶᠢᠨ᠎ᠠ᠃

考察4.jpg

       ᠸᠠᠩ ᠵᠢᠶᠦ᠋ᠨ ᠵᠢᠶᠧ ᠪᠠᠰᠠ᠂ ᠤᠷᠠᠳ ᠤᠨ ᠡᠮᠦᠨᠡᠲᠦ ᠬᠤᠰᠢᠭᠤ ᠲᠣᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠬᠤᠶᠠᠷ

ᠭᠠᠵᠠᠷ ᠣᠷᠣᠨ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ

ᠬᠠᠷᠢᠯᠴᠠᠨ ᠨᠥᠬᠦᠪᠥᠷᠢᠯᠡᠬᠦ ᠳᠤᠮᠳᠠ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠬᠠᠮᠵᠢᠯᠴᠠᠬᠤ ᠬᠦᠷᠢᠶ᠎ᠡ ᠪᠠᠨ ᠲᠠᠰᠤᠷᠠᠯᠲᠠ ᠥᠬᠡᠶ

ᠥᠷᠭᠡᠳᠬᠡᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ

ᠠᠬᠢᠭᠤᠯᠤᠨ᠎ᠠ ᠭᠡᠵᠦ ᠢᠯᠡᠳᠬᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ