ᠤᠷᠠᠳ ᠤᠨ ᠡᠮᠦᠨᠡᠲᠦ ᠬᠤᠰᠢᠭᠤ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/5/30
    5 ᠰᠠᠷ᠎ᠠ ᠶᠢᠨ 27 ᠤ ᠡᠳᠦᠷ᠂ ᠤᠷᠠᠳ ᠤᠨ ᠡᠮᠦᠨᠡᠲᠦ ᠬᠤᠰᠢᠭᠤ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤᠶᠤᠯᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

团委1.jpg

   

    ᠬᠤᠰᠢᠭᠤᠨ ᠤ ᠤᠳᠤᠷᠢᠳᠤᠯᠭ᠎ᠠ ᠰᠤᠶᠤᠯᠲᠤ᠂ ᠵᠢᠶᠠ ᠵᠧᠨ ᠬᠤᠸᠠ᠂ ᠯᠢᠦ ᠶᠤᠸᠠᠢ ᠮᠢᠩ᠂ ᠭᠤᠸ ᠯᠧᠢ ᠵᠢᠴᠢ ᠬᠤᠲᠠ᠂ ᠬᠤᠰᠢᠭᠤᠨ ᠤ ︽ᠬᠤᠶᠠᠷ ᠬᠤᠪᠢᠰᠬᠠᠯ

ᠬᠤᠶᠠᠷ ᠰᠢᠯᠢᠳᠡᠭ︾ ᠤᠨ ᠱᠠᠩᠨᠠᠯ ᠭᠥᠷᠳᠡᠭᠰᠡᠨ ᠲᠥᠯᠥᠭᠡᠯᠡᠭᠴᠢ᠂ ᠵᠠᠯᠠᠭᠤ ᠺᠠᠳ᠋ᠷᠴᠤᠳ ᠤᠨ ᠲᠥᠯᠥᠭᠡᠯᠡᠭᠴᠢ ᠪᠣᠯᠣᠨ ᠡᠯ᠎ᠡ ᠰᠤᠮᠤ ᠪᠠᠯᠭᠠᠰᠤᠨ ᠤ ᠡᠪᠯᠡᠯ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ

ᠬᠤᠷᠢᠶ᠎ᠠ ᠶᠢᠨ ᠱᠦᠵᠢ ᠵᠢᠶᠠ ᠵᠧᠨ ᠬᠤᠸᠠ ᠡᠷᠭᠢᠯᠡᠪᠡ᠃

     ᠬᠤᠷᠠᠯ ᠳᠡᠭᠡᠷ᠎ᠡ ᠵᠢᠶᠠ ᠵᠧᠨ ᠬᠤᠸᠠ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ

100 ᠵᠢᠯ ᠤᠨ ᠣᠶ  ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠬᠡᠯᠡᠭᠰᠡᠨ ᠦᠭᠡ  ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠪᠠ᠃ ᠬᠡᠰᠡᠭ ᠡᠪᠯᠡᠯ ᠤᠨ ᠺᠠᠳ᠋ᠷ

ᠪᠣᠯᠣᠨ ᠵᠠᠯᠠᠭᠤᠴᠤᠳ ᠤᠨ ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠵᠤ᠂ ᠰᠤᠷᠤᠯᠴᠠᠭᠰᠠᠨ ᠣᠯᠤᠯᠲᠠ ᠲᠥᠷᠥᠭᠳᠡᠯ᠂ ᠦᠰᠦᠨ ᠪᠣᠶᠢᠵᠢᠵᠤ ᠲᠡᠮᠡᠴᠡᠭᠰᠡᠨ

ᠥᠩᠭᠡᠷᠡᠯᠲᠡ ᠪᠣᠯᠣᠨ ᠢᠷᠡᠭᠡᠳᠦᠢ ᠶᠢᠨ ᠠᠮᠢᠳᠤᠷᠠᠯ ᠤᠨ ᠪᠠᠨ ᠬᠦᠰᠡᠯ ᠬᠦᠭᠡᠭᠡᠴᠡᠯᠳᠦᠯ ᠢᠶᠠᠨ ᠶᠠᠷᠢᠯᠴᠠᠵᠠᠢ᠃

    ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂  ᠰᠤᠶᠤᠯᠲᠤ ᠪᠦᠬᠦ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠠᠮᠵᠢᠯᠲᠠ ᠶᠢ ᠭᠦᠢᠴᠡᠳ

ᠨᠤᠲᠠᠯᠠᠵᠤ᠂ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠵᠣᠷᠢᠭᠵᠢᠭᠤᠯᠵᠤ᠂ ᠶᠡᠷᠦᠩᠬᠡᠢ

ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠩ ᠰᠡᠳᠬᠢᠯ ᠲᠠᠯᠪᠢᠨ ᠰᠤᠷᠤᠯᠴᠠᠨ ᠣᠶᠢᠯᠠᠭᠠᠵᠤ᠂ ᠦᠶ᠎ᠡ ᠶᠢᠨ ᠦᠶ᠎ᠡ ᠳᠤ ᠤᠯᠠᠮᠵᠢᠯᠠᠬᠤ

ᠡᠭᠦᠷᠭᠡ ᠬᠠᠷᠢᠭᠤᠴᠠᠯᠭ᠎ᠠ ᠶᠢ ᠳᠠᠭᠠᠭᠠᠨ ᠠᠪᠴᠤ᠂ ᠢᠲᠡᠭᠡᠯ ᠵᠣᠷᠢᠭ ᠢᠶᠠᠨ ᠪᠠᠲᠤᠳᠬᠠᠨ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠷ ᠪᠥᠬᠦ ᠬᠤᠰᠢᠭᠤᠨ ᠤ

ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠶᠢᠨ ᠳᠤᠮᠳᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠰᠢᠯᠢᠳᠡᠭ

ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠡᠢ᠃

团委2.jpg

    ᠰᠤᠶᠤᠯᠲᠤ ᠣᠯᠠᠨ ᠢᠶᠠᠷ ᠢᠶᠠᠨ ᠭᠡᠷ ᠣᠷᠣᠨ ᠤ ᠪᠠᠨ ᠪᠦᠲᠦᠭᠡᠨ ᠪᠠᠶᠢᠭᠤᠯᠤᠯᠲᠠ ᠶᠢᠨ ᠭᠤᠣᠯ ᠳᠠᠶᠢᠨ ᠤ ᠲᠠᠯᠠᠪᠤᠷ ᠲᠤ ᠢᠳᠡᠪᠬᠢᠲᠡᠢ ᠪᠠᠷ ᠣᠷᠣᠯᠴᠠᠵᠤ᠂

ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠨᠢᠭᠡᠳᠦᠭᠡᠷ ᠹᠷᠣᠨᠲ᠂ ᠲᠠᠷᠢᠶᠠᠨ ᠭᠠᠵᠠᠷ᠂ ᠦᠢᠯᠡᠳᠪᠦᠷᠢ ᠶᠢᠨ ᠦᠢᠯᠡᠳᠪᠦᠷᠢᠯᠡᠬᠦ ᠲᠠᠰᠤᠭ ᠂ ᠡᠮᠨᠡᠯᠭᠡ ᠶᠢᠨ

ᠬᠤᠷᠢᠶᠠᠨ ᠤ ᠡᠪᠡᠳᠴᠢᠲᠡᠨ ᠤ ᠦᠷᠦᠭᠡ᠂ ᠬᠢᠴᠢᠶᠡᠯ ᠤᠨ ᠭᠡᠷ ᠤᠨ ᠲᠠᠶᠢᠰᠠ ᠵᠡᠷᠭᠡ ᠭᠠᠵᠠᠷ ᠲᠤ ᠭᠦᠨᠵᠡᠭᠡᠶᠢᠷᠡᠵᠦ᠂ ᠭᠠᠷ ᠲᠠᠬᠢ ᠪᠣᠳᠠᠲᠠᠢ ᠠᠵᠢᠯ ᠪᠦᠬᠦᠨ ᠢᠶᠠᠨ

ᠰᠠᠶᠢᠲᠤᠷ ᠬᠢᠵᠦ᠂ ᠣᠳᠣᠬᠠᠨ ᠤ ᠶᠠᠪᠤᠳᠠᠯ ᠪᠦᠬᠦᠨ ᠢᠶᠠᠨ  ᠴᠢᠷᠮᠠᠶᠢᠨ ᠬᠢᠵᠦ᠂ ᠥᠪᠡᠷ ᠢ ᠪᠠᠨ ᠳᠠᠪᠲᠠᠨ ᠪᠣᠯᠪᠠᠰᠤᠷᠠᠭᠤᠯᠬᠤ᠂ ᠬᠦᠴᠢᠷ ᠪᠡᠷᠬᠡ ᠶᠢ ᠲᠤᠭᠤᠯᠤᠨ ᠬᠤᠪᠢ

ᠨᠡᠮᠡᠷᠢ ᠦᠵᠡᠭᠦᠯᠬᠦ ᠳᠤᠮᠳᠠ ᠬᠡᠪ ᠴᠢᠨᠠᠷ ᠢᠶᠠᠨ ᠳᠡᠭᠡᠭᠰᠢᠯᠡᠭᠦᠯᠵᠦ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠠᠵᠢᠯ ᠬᠢᠬᠦ ᠶᠢ ᠬᠦᠰᠡᠳᠡᠭ᠂ ᠠᠵᠢᠯ ᠬᠢᠵᠦ

ᠴᠢᠳᠠᠳᠠᠭ᠂ ᠠᠵᠢᠯ ᠬᠢᠵᠦ  ᠪᠦᠳᠦᠭᠡᠳᠡᠭ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠬᠡᠷᠡᠭᠲᠡᠢ ᠭᠡᠪᠡ᠃

    ᠶᠠᠷᠢᠯᠴᠠᠬᠤ ᠬᠤᠷᠠᠯ ᠳᠡᠭᠡᠷ᠎ᠡ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠪ

ᠬᠠᠮᠲᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠲᠠᠯ᠎ᠠ ᠪᠠᠷ ︽ᠨᠠᠮ ᠤᠨ ᠲᠤᠭ ᠤᠨ 

ᠴᠢᠭᠯᠡᠯᠲᠡ ᠨᠢ ᠳᠠᠷᠤᠢ ᠡᠪᠯᠡᠯ ᠤᠨ ᠲᠤᠭ ᠤᠨ ᠬᠠᠨᠳᠤᠰᠢ ᠮᠥᠨ︾ ᠭᠡᠳᠡᠭ ᠢ ᠡᠷᠡᠰ ᠪᠡᠶᠡᠯᠡᠭᠦᠯᠵᠦ᠂ ᠵᠠᠯᠠᠭᠤ ᠨᠠᠰᠤᠨ ᠤ ᠮᠦᠷᠦᠶᠢᠴᠡᠭᠡᠨ ᠤ ᠵᠠᠮ ᠳᠡᠭᠡᠷ᠎ᠡ ᠬᠦᠴᠦᠯᠡᠨ

ᠴᠢᠷᠮᠠᠶᠢᠵᠤ᠂ ᠣᠲᠣ ᠦᠶ᠎ᠡ ᠶᠢᠨ ᠵᠠᠯᠠᠭᠤᠴᠤᠳ ᠤᠨ ᠬᠠᠮᠤᠭ ᠤᠨ ᠰᠠᠶᠢᠨ ᠬᠢᠷᠢ ᠪᠦᠲᠦᠮᠵᠢ ᠶᠢ ᠲᠡᠮᠡᠴᠡᠨ ᠣᠯᠵᠤ᠂ ᠪᠥᠬᠦ ᠬᠤᠰᠢᠭᠤᠨ ᠤ ᠪᠣᠬᠢᠷᠳᠤᠯ ᠦᠭᠡᠢ ᠴᠢᠨᠠᠷ

ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃

团委3.jpg

     ︽ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠪᠢ ᠢᠮᠠᠭᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠰᠡᠯ ᠬᠠᠷᠠᠯᠲᠠ ᠪᠠᠨ 

ᠪᠡᠶᠡᠯᠡᠭᠦᠯᠵᠦ᠂  ᠵᠠᠯᠠᠭᠤᠴᠤᠳ ᠤᠨ ᠨᠠᠶᠢᠵᠠ ᠪᠣᠯᠵᠤ᠂ ᠵᠠᠯᠠᠭᠤᠴᠤᠳ ᠤᠨ ᠲᠥᠯᠥᠭᠡ ᠪᠣᠳᠣᠯᠬᠢᠯᠠᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠠᠵᠢᠯ

ᠶᠠᠪᠤᠳᠠᠯ ᠬᠢᠬᠦ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠤᠨ ᠲᠥᠯᠥᠭᠡ

ᠵᠢᠳᠬᠦᠵᠦ ᠤᠯᠤᠰ ᠤᠨ ᠲᠥᠯᠥᠭᠡ ᠵᠢᠳᠬᠦᠭᠰᠡᠨ ᠵᠠᠯᠠᠭᠤ ᠨᠠᠰᠤᠨ ᠤ ᠤᠯᠠ ᠮᠥᠷ ᠢ ᠦᠯᠡᠳᠡᠭᠡᠵᠦ᠂  ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ

ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ︾ ᠭᠡᠵᠦ ᠬᠤᠰᠢᠭᠤᠨ ᠤ ᠡᠪᠯᠡᠯ ᠤᠨ ᠲᠦᠷ ᠲᠤᠰᠢᠶᠠᠯ ᠡᠭᠦᠷᠭᠡᠯᠡᠬᠦ ᠳᠡᠳ᠋ ᠱᠦᠵᠢ ᠰᠢ ᠰᠢᠶᠣᠣ ᠵᠤᠤ

ᠪᠠᠯᠭᠠᠰᠤᠨ ᠤ ᠡᠪᠯᠡᠯ ᠤᠨ ᠱᠦᠵᠢ ᠠᠷᠤᠬᠠᠨ ᠬᠡᠯᠡᠪᠡ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ