ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2022 ᠣᠨ ᠤ ᠡᠷᠦᠬᠡ ᠶᠢᠨ ᠴᠡᠷᠢᠭ ᠤᠨ ᠴᠤᠭᠯᠠᠷᠠᠯ ᠢ ᠲᠣᠭᠠᠯᠠᠨ ᠰᠢᠯᠭᠠᠬᠤ ᠵᠢᠴᠢ ᠪᠠᠶᠢᠴᠠᠭᠠᠵᠤ ᠰᠢᠯᠭᠠᠨ ᠬᠤᠷᠢᠶᠠᠬᠤ ᠶᠡᠭᠡ ᠬᠤᠷᠠᠯ ᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2022/5/31
    ᠰᠦᠷ ᠵᠢᠪᠬᠤᠯᠠᠩᠲᠠᠢ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ︾  ᠶᠢᠨ ᠬᠠᠩᠭᠢᠨᠠᠬᠤ ᠶᠢ ᠳᠠᠭᠠᠯᠳᠤᠨ᠂  ᠲᠣᠭᠠᠯᠠᠨ ᠰᠢᠯᠭᠠᠬᠤ ᠶᠡᠭᠡ ᠬᠤᠷᠠᠯ ᠵᠢᠩᠬᠢᠨᠢ ᠪᠠᠷ ᠡᠬᠢᠯᠡᠵᠦ᠂ ᠡᠷᠦᠭᠡ ᠶᠢᠨ ᠴᠡᠷᠢᠭ ᠤᠨ ᠺᠠᠳ᠋ᠷ ᠤᠨ ᠲᠤᠰᠢᠶᠠᠯ ᠡᠭᠦᠷᠭᠡᠯᠡᠬᠦ ᠵᠠᠷᠯᠢᠭ ᠢ ᠤᠩᠰᠢᠨ ᠨᠡᠶᠢᠲᠡᠯᠡᠬᠦ᠂ ᠬᠠᠮᠲᠤ ᠪᠠᠷ ᠲᠠᠩᠭᠠᠷᠢᠭᠯᠠᠬᠤ᠂ ᠰᠢᠨ᠎ᠡ ᠴᠡᠷᠢᠭ ᠠᠩᠭᠢ ᠳᠤ ᠣᠷᠣᠭᠰᠠᠨ ᠡᠷᠦᠭᠡ ᠶᠢᠨ ᠴᠡᠷᠢᠭ ᠤᠨ ᠲᠥᠯᠥᠭᠡᠯᠡᠭᠴᠢ ᠶᠢᠨ ᠶᠠᠷᠢᠶ᠎ᠠ ᠲᠠᠯᠪᠢᠬᠤ ᠵᠡᠷᠭᠡ ᠬᠡᠯᠪᠡᠷᠢ ᠪᠠᠷ ᠪᠠᠶᠢᠴᠠᠭᠠᠯᠲᠠ ᠬᠢᠵᠡᠢ᠃ ᠰᠢᠯᠭᠠᠨ ᠪᠠᠶᠢᠴᠠᠭᠠᠯᠲᠠ ᠶᠢ ᠬᠦᠯᠢᠶᠡᠭᠰᠡᠨ ᠡᠷᠦᠬᠡ ᠶᠢᠨ ᠴᠡᠷᠢᠭ ᠤᠨ ᠡᠩᠨᠡᠭᠡ ᠨᠢ ᠲᠥᠭᠡᠷᠢᠯ ᠥᠩᠭᠡᠲᠦ ᠬᠤᠪᠴᠠᠰᠤ ᠡᠮᠦᠰᠴᠦ᠂ ᠴᠤᠭ ᠵᠢᠪᠬᠤᠭ᠎ᠠ ᠲᠡᠭᠦᠯᠳᠡᠷ᠂ ᠴᠡᠷᠢᠭ ᠤᠨ ᠣᠮᠤᠭ ᠰᠦᠷ ᠪᠠᠳᠠᠷᠠᠭᠤᠨ ᠪᠠᠶᠢᠵᠤ᠂ ᠪᠦᠬᠦ ᠡᠷᠦᠬᠡ ᠶᠢᠨ ᠴᠡᠷᠢᠭ ᠤᠨ ᠰᠠᠶᠢᠨ ᠰᠠᠶᠢᠬᠠᠨ ᠪᠦᠬᠦᠯᠢ ᠴᠣᠭᠴᠠ ᠶᠢᠨ ᠬᠡᠪ ᠴᠢᠨᠠᠷ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃

民兵点验1.jpg

     ︽ᠪᠢᠳᠡ ᠵᠠᠪᠠᠯ ᠲᠠᠩᠭᠠᠷᠢᠭ ᠢᠶᠠᠨ ᠪᠠᠲᠤ ᠰᠠᠬᠢᠵᠤ᠂ ᠡᠷᠦᠬᠡ ᠶᠢᠨ ᠴᠡᠷᠢᠭ ᠤᠨ ᠡᠭᠦᠷᠭᠡ ᠪᠠᠨ ᠭᠦᠢᠴᠡᠳᠬᠡᠵᠦ᠂ ᠡᠷᠦᠬᠡ ᠶᠢᠨ ᠴᠡᠷᠢᠭ ᠤᠨ ᠢᠷᠠᠭᠤ ᠠᠯᠳᠠᠷᠲᠤ

ᠤᠯᠠᠮᠵᠢᠯᠠᠯ ᠢᠶᠠᠨ ᠪᠠᠳᠠᠷᠠᠭᠤᠯᠤᠨ᠂ ᠰᠢᠷᠭᠠᠭᠤ ᠠᠵᠢᠯᠯᠠᠵᠤ᠂ ᠴᠢᠷᠮᠠᠶᠢᠨ ᠤᠷᠤᠭᠰᠢᠯᠠᠵᠤ᠂ ᠤᠷᠠᠳ ᠤᠨ ᠡᠮᠦᠨᠡᠲᠦ ᠬᠤᠰᠢᠭᠤᠨ ᠤ ᠡᠷᠦᠬᠡ ᠶᠢᠨ ᠴᠡᠷᠢᠭ ᠤᠨ ᠪᠡᠯᠡᠳᠬᠡᠯ

ᠠᠯᠪᠠᠨ ᠤ ᠡᠩᠨᠡᠭᠡ ᠶᠢᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾  ᠭᠡᠵᠦ ᠤᠷᠠᠳ ᠤᠨ ᠡᠮᠦᠨᠡᠲᠦ ᠬᠤᠰᠢᠭᠤᠨ ᠤ ᠡᠷᠦᠬᠡ ᠶᠢᠨ

ᠴᠡᠷᠢᠭ ᠤᠨ ᠢᠳᠡᠭᠡᠨ ᠤᠮᠳᠠᠭᠠᠨ ᠤ ᠪᠠᠲᠤᠯᠠᠪᠤᠷᠢ ᠶᠢᠨ ᠰᠠᠯᠠᠭ᠎ᠠ ᠶᠢᠨ ᠪᠠᠶᠢᠯᠳᠤᠭᠴᠢ ᠵᠠᠩ ᠵᠢᠩ ᠸᠧᠨ ᠬᠡᠯᠡᠪᠡ᠃

    ᠲᠣᠭᠠᠯᠠᠨ ᠰᠢᠯᠭᠠᠬᠤ ᠶᠡᠭᠡ ᠬᠤᠷᠠᠯ ᠨᠢ ᠡᠷᠦᠬᠡ ᠶᠢᠨ ᠴᠡᠷᠢᠭ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠳᠬᠠᠵᠤ᠂

ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ

ᠴᠢᠩᠭᠠᠳᠬᠠᠵᠠᠢ᠃

民兵点验2.jpg

     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ ᠲᠦᠷᠦ ᠶᠢᠨ

ᠭᠡᠰᠢᠭᠦᠨ ᠰᠢᠩ ᠱᠦ ᠺᠤᠸᠠᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠬᠡᠯᠲᠡᠰ ᠤᠨ ᠳᠠᠷᠤᠭ᠎ᠠ ᠮᠠᠨᠳᠦᠯ᠎ᠠ  ᠲᠣᠭᠠᠯᠠᠨ ᠰᠢᠯᠭᠠᠬᠤ ᠶᠡᠭᠡ

ᠬᠤᠷᠠᠯ ᠳᠤ ᠣᠷᠣᠯᠴᠠᠪᠠ᠃

 

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ