ᠤᠷᠠᠳ ᠤᠨ ᠡᠮᠦᠨᠡᠲᠦ  ᠬᠤᠰᠢᠭᠤ ᠨᠤᠭᠤᠰᠤᠨ ᠬᠤᠰᠢᠭᠤᠲᠤ ᠬᠢᠯᠢᠮ᠎ᠡ ᠶᠢ ᠲᠤᠷᠰᠢᠨ ᠲᠡᠵᠢᠭᠡᠵᠦ ᠪᠣᠶ
ᠨᠡᠶᠢᠲᠡᠯᠡᠭᠰᠡᠨ ᠴᠠᠭ᠄
2022/5/31
     ᠣᠶᠢᠷ᠎ᠠ ᠳᠤ᠂ ᠡᠮᠦᠨᠡᠲᠦ ᠬᠤᠰᠢᠭᠤᠨ ᠤ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠬᠠᠪᠰᠤᠷᠤᠯᠭ᠎ᠠ ᠳᠣᠣᠷ᠎ᠠ᠂ ᠬᠡᠳᠦᠨ ᠲᠦᠮᠡᠨ ᠰᠡᠭᠦᠯᠲᠦ ᠨᠤᠭᠤᠰᠤᠨ ᠬᠤᠰᠢᠭᠤᠲᠤ ᠬᠢᠯᠢᠮ᠎ᠡ ᠶᠢ ᠰᠢᠶᠠᠨ ᠹᠧᠩ ᠪᠠᠯᠭᠠᠰᠤᠨ ᠤ ᠷᠦᠩ ᠳ᠋ᠢᠩ ᠹᠧᠩ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠨ ᠤ ᠴᠥᠭᠦᠷᠥᠮ ᠳᠤ ᠤᠷᠤᠭᠰᠢᠲᠠᠢ ᠪᠠᠷ ᠣᠷᠣᠭᠤᠯᠪᠠ᠃ ︽ᠰᠢᠨ᠎ᠡ ᠬᠠᠨᠢᠲᠠᠨ︾ ᠤ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠬᠤᠷᠰᠢᠶ᠎ᠠ ᠶᠢᠨ ᠬᠠᠷᠢᠭᠤᠴᠠᠯᠭᠠᠲᠠᠨ ᠵᠠᠩ ᠴᠢᠤᠸᠠᠨ ᠱᠧᠩ ᠤᠰᠤᠨ ᠤ ᠣᠷᠴᠢᠨ ᠲᠣᠭᠤᠷᠢᠨ ᠢ ᠨᠠᠷᠢᠯᠢᠭ ᠰᠠᠶᠢᠵᠢᠷᠠᠭᠤᠯᠵᠤ᠂ ᠡᠳᠡᠭᠡᠷ ᠵᠢᠭᠠᠰᠤᠨ ᠳᠤ ᠴᠢᠨᠠᠷᠯᠢᠭ ᠰᠠᠶᠢᠨ  ︽ᠭᠡᠷ ᠣᠷᠤᠨ︾  ᠢ ᠪᠠᠶᠢᠭᠤᠯᠵᠤ ᠦᠭᠴᠡᠢ᠃     ᠨᠤᠭᠤᠰᠤᠨ ᠬᠤᠰᠢᠭᠤᠲᠤ ᠬᠢᠯᠢᠮ᠎ᠡ ᠶᠢ ᠪᠠᠰᠠ ᠬᠠᠯᠪᠠᠭᠠᠨ ᠬᠤᠰᠢᠭᠤᠲᠤ ᠬᠢᠯᠢᠮ᠎ᠡ ᠭᠡᠳᠡᠭ᠂ ᠬᠤᠰᠢᠭᠤ ᠨᠢ ᠨᠤᠭᠤᠰᠤᠨ ᠤ ᠬᠤᠰᠢᠭᠤ ᠰᠢᠭ᠋ ᠪᠠᠶᠢᠳᠠᠭ ᠢᠶᠠᠷ ᠢᠶᠠᠨ ᠨᠡᠷᠡᠯᠡᠭᠳᠡᠭᠰᠡᠨ ᠶᠤᠮ ᠃ ᠤᠤᠯ ᠨᠢ ᠠᠮᠧᠷᠢᠺᠠ ᠶᠢᠨ ᠮᠢᠰᠢᠰᠢᠫᠢ ᠮᠥᠷᠡᠨ ᠤ ᠰᠠᠪᠠ ᠭᠠᠵᠠᠷ ᠠᠴᠠ ᠭᠠᠷᠤᠯᠲᠠ ᠲᠠᠢ᠂ ᠮᠢᠬ᠎ᠠ ᠨᠢ ᠰᠣᠷᠭᠤᠭ ᠮᠥᠷᠲᠡᠭᠡᠨ ᠥᠷᠭᠡᠰᠦ ᠦᠭᠡᠢ᠂ ᠬᠤᠰᠢᠭᠤᠨ ᠤ ᠬᠡᠰᠡᠭ ᠲᠤᠨᠢ ᠴᠠᠪᠠᠤᠯᠢᠭ ᠤᠭᠤᠷᠠᠭ ᠡᠯᠪᠡᠭ ᠠᠭᠤᠯᠵᠤ᠂ ᠰᠢᠮ᠎ᠡ ᠲᠡᠵᠢᠭᠡᠯ ᠡᠯᠪᠡᠭ ᠪᠠᠶᠢᠳᠠᠭ᠂ ᠵᠢᠭᠠᠰᠤᠨ ᠤ ᠲᠥᠷᠥᠯ ᠤᠨ ᠳᠣᠲᠣᠷᠠᠬᠢ ᠣᠬᠢ ᠲᠥᠷᠥᠯ ᠤᠨ ᠵᠢᠭᠠᠰᠤᠨ ᠤ ᠨᠢᠭᠡ ᠪᠠᠶᠢᠵᠤ᠂ ᠵᠢᠩ ᠪᠦᠷᠢ ᠶᠢᠨ ᠵᠠᠬ᠎ᠠ ᠳᠡᠯᠭᠡᠭᠦᠷ ᠲᠤ ᠭᠠᠷᠭᠠᠬᠤ ᠦᠨ᠎ᠡ ᠨᠢ 80 ᠲᠥᠭᠦᠷᠢᠭ ᠣᠷᠴᠢᠮ ᠭᠥᠷᠳᠡᠭ᠃ ᠡᠨᠡ ᠵᠢᠯ ᠂ ᠵᠠᠩ ᠴᠢᠤᠸᠠᠨ ᠱᠧᠩ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠬᠦᠴᠦᠲᠡᠢ ᠳᠡᠮᠵᠢᠯᠭᠡ ᠳᠣᠣᠷ᠎ᠠ᠂ 100 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠲᠦᠮᠡ ᠭᠠᠷᠤᠢ ᠰᠡᠭᠦᠯᠲᠦ ᠨᠤᠭᠤᠰᠤᠨ ᠬᠤᠰᠢᠭᠤᠲᠤ ᠬᠢᠯᠢᠮ᠎ᠡ ᠵᠢᠭᠠᠰᠤ ᠶᠢ ᠣᠷᠣᠭᠤᠯᠤᠨ ᠠᠮᠢ ᠠᠬᠤᠢ ᠶᠢᠨ  ᠡᠷᠡᠭᠦᠯᠲᠦ ᠬᠡᠯᠪᠡᠷᠢ ᠪᠠᠷ ᠲᠡᠵᠢᠭᠡᠨ ᠦᠷᠡᠵᠢᠭᠦᠯᠦᠭᠰᠡᠨ ᠪᠠᠶᠢᠨ᠎ᠠ᠃      ᠡᠮᠦᠨᠡᠲᠦ ᠬᠤᠰᠢᠭᠤᠨ ᠳᠤ ᠵᠢᠭᠠᠰᠤ ᠠᠩᠨᠠᠬᠤ ᠳᠤ ᠲᠣᠬᠢᠷᠠᠮᠵᠢᠲᠠᠢ ᠡᠯᠪᠡᠭ ᠪᠠᠶᠠᠯᠢᠭ ᠤᠰᠤᠨ ᠣᠷᠣᠨ ᠲᠠᠢ ᠪᠠᠶᠢᠵᠤ᠂ ᠭᠤᠣᠯᠳᠠᠭᠤ ᠮᠥᠷᠭᠦ᠂ ᠬᠡᠯᠲᠡᠭᠡ᠂  ᠠᠮᠤᠷ ᠵᠢᠭᠠᠰᠤ᠂ ᠠᠯᠠᠭᠠᠨ᠎ᠠ ᠰᠣᠭᠤᠰᠤ ᠵᠡᠷᠭᠡ ᠡᠩ ᠤᠨ ᠵᠢᠭᠠᠰᠤᠨ ᠤ ᠲᠥᠷᠥᠯ ᠢ ᠲᠡᠵᠢᠭᠡᠵᠦ ᠪᠠᠶᠢᠭᠰᠠᠨ ᠪᠣᠯᠪᠠᠴᠤ ᠲᠡᠵᠢᠭᠡᠨ ᠦᠷᠡᠵᠢᠭᠦᠯᠬᠦ ᠥᠪᠡᠷ ᠤᠨ ᠥᠷᠲᠡᠭ  ᠨᠢ ᠨᠡᠮᠡᠭᠳᠡᠭᠰᠡᠨ ᠠᠴᠠ ᠪᠣᠯᠵᠤ᠂ ᠤᠯᠠᠮᠵᠢᠯᠠᠯᠲᠤ ᠵᠢᠭᠠᠰᠤᠨ ᠠᠵᠤ ᠠᠬᠤᠢ ᠶᠢᠨ ᠶᠡᠷᠦᠩᠬᠡᠢ ᠦᠷ᠎ᠡ ᠠᠰᠢᠭ ᠨᠢ ᠤᠯᠠᠮ ᠠᠴᠠ ᠤᠯᠠᠮ ᠳᠣᠣᠷ᠎ᠠ ᠪᠣᠯᠵᠠᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠷᠦᠩ ᠳ᠋ᠢᠩ ᠹᠧᠩ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠤᠯᠤᠰ ᠤᠨ ᠲᠠᠰ ᠤᠨ ᠤᠰᠤᠨ ᠭᠠᠷᠤᠯᠲᠠ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠠᠯᠠᠪᠠᠶ ᠶᠢ ᠠᠰᠢᠭᠯᠠᠨ ᠰᠢᠨ᠎ᠡ ᠡᠭᠦᠯᠳᠡᠷ ᠢ ᠲᠤᠷᠰᠢᠨ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠭᠦᠯᠳᠡᠷ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠡᠭᠦᠯᠳᠡᠷ ᠢ ᠳᠠᠶᠢᠴᠢᠯᠠᠨ ᠳᠡᠭᠡᠳᠦ ᠲᠠᠰ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠠᠰᠢ ᠬᠤᠪᠢᠷᠠᠭᠤᠯᠵᠤ᠂ ᠤᠰᠤᠨ ᠭᠠᠷᠤᠯᠲᠠ ᠶᠢᠨ ᠶᠠᠰᠤ ᠴᠢᠨᠠᠷ ᠪᠠ ᠴᠢᠨᠠᠷ ᠲᠠᠰ ᠢ ᠳᠡᠭᠡᠭᠰᠢᠯᠡᠭᠦᠯᠪᠡ ᠃ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠠᠵᠢᠯᠲᠠᠨ ᠢᠯᠡᠷᠬᠡᠶᠢᠯᠡᠬᠦ ᠳᠡᠭᠡᠨ᠂ ᠬᠡᠷᠪᠡ ᠨᠤᠭᠤᠰᠤᠨ ᠬᠤᠰᠢᠭᠤᠲᠤ ᠬᠢᠯᠢᠮ᠎ᠡ ᠶᠢ ᠲᠤᠷᠰᠢᠨ ᠲᠡᠵᠢᠭᠡᠭᠡᠳ ᠠᠮᠵᠢᠯᠲᠠ ᠣᠯᠪᠠᠯ᠂ ᠲᠠᠷᠠᠭᠠᠴᠢ ᠶᠢᠨ ᠠᠯᠬᠤᠮ ᠳᠤ ᠦᠷ᠎ᠡ ᠵᠢᠷᠠᠭᠠᠬᠠᠢ ᠶᠢ ᠪᠣᠶᠢᠵᠢᠭᠤᠯᠤᠨ᠂ ᠥᠨᠳᠥᠷ ᠦᠨ᠎ᠡ ᠲᠠᠢ ᠥᠨᠳᠥᠷ ᠲᠠᠰ ᠤᠨ ᠤᠰᠤᠨ ᠭᠠᠷᠤᠯᠲᠠ ᠶᠢ ᠨᠠᠩ ᠣᠯᠠᠨ ᠵᠢᠭᠠᠰᠤᠴᠢᠨ ᠤ ᠴᠥᠭᠦᠷᠥᠮ ᠳᠤ ᠣᠷᠣᠭᠤᠯᠵᠤ᠂ ᠪᠥᠬᠦ ᠬᠤᠰᠢᠭᠤᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠦᠯᠲᠡ ᠶᠢ ᠰᠢᠨᠵᠢᠯᠡᠬᠦ ᠤᠬᠠᠭᠠᠨ ᠮᠡᠷᠭᠡᠵᠢᠯᠵᠢᠭᠦᠯᠬᠦ᠂ ᠴᠢᠨᠠᠷᠵᠢᠭᠤᠯᠬᠤ᠂ ᠳᠡᠭᠡᠳᠦ ᠲᠡᠰ ᠤᠨ ᠪᠣᠯᠭᠠᠬᠤ᠂ ᠵᠠᠬ᠎ᠠ ᠳᠡᠯᠭᠡᠭᠦᠷᠴᠢᠯᠡᠬᠦ ᠳᠠᠰᠢ ᠬᠥᠭᠵᠢᠭᠦᠯᠬᠦ ᠪᠠᠷ ᠬᠥᠲᠥᠯᠥᠨ ᠳᠠᠭᠠᠭᠤᠯᠤᠨ᠎ᠠ ᠭᠡᠵᠡᠢ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ