ᠪᠦᠬᠦ ᠬᠤᠰᠢᠭᠤᠨ ᠤ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠬᠤ  ᠡᠲᠡᠭᠡᠳ ᠲᠤ  ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ  ᠲᠣᠬᠠᠢ ᠨᠢᠭᠡᠨ ᠬᠤᠪᠢ ᠵᠠᠬᠢᠲᠠᠯ
ᠨᠡᠶᠢᠲᠡᠯᠡᠭᠰᠡᠨ ᠴᠠᠭ᠄
2022/5/31
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠦᠨᠡᠮᠯᠡᠯ︾ ᠢ ᠭᠤᠶᠤᠴᠢᠯᠠᠨ ᠠᠪᠬᠤ ᠪᠠ ᠣᠯᠭᠤᠬᠤ ᠠᠵᠢᠯ ᠢ ᠦᠨᠡᠨ ᠬᠦ ᠰᠠᠶᠢᠲᠤᠷ ᠬᠢᠵᠦ᠂ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ ᠨᠢ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠠᠵᠢᠯ ᠢ ᠥᠷᠨᠢᠭᠦᠯᠬᠦ ᠪᠠᠷ ᠪᠠᠶᠢᠨ᠎ᠠ᠃ ᠲᠠᠩᠰᠠᠯᠠᠵᠤ ᠺᠠᠷᠲᠯᠠᠬᠤ ᠪᠣᠯ ᠬᠠᠷᠠᠭᠠᠯᠵᠠᠯ ᠤᠨ ᠦᠨᠡᠮᠯᠡᠯ ᠢ ᠣᠨᠣᠴᠠᠲᠠᠢ ᠣᠯᠭᠤᠬᠤ ᠵᠠᠩᠭᠢᠯᠠᠭ᠎ᠠ ᠶᠢᠨ ᠨᠢᠭᠡ ᠠᠯᠬᠤᠮ᠂ ᠴᠢᠬᠤᠯᠠ ᠭᠤᠭᠴᠤᠭ᠎ᠠ ᠮᠥᠨ᠂ ᠪᠠᠰᠠ ᠴᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠰᠠᠭᠤᠷᠢ ᠮᠥᠨ᠃ ᠣᠶᠢᠷ᠎ᠠ ᠳᠤ᠂ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠲᠥᠪ ᠨᠢ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠬᠠᠷᠢᠯᠴᠠᠬᠤ ᠤᠲᠠᠰᠤ ᠪᠠᠨ ᠨᠡᠶᠢᠲᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠳᠤ ᠬᠡᠷᠡᠭᠰᠡᠬᠦ ᠬᠠᠮᠢᠶ᠎ᠠ ᠪᠥᠬᠦᠶ ᠮᠠᠲ᠋ᠧᠷᠢᠶᠠᠯ ᠢ ᠮᠡᠳᠡᠭᠳᠡᠵᠦ ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠳᠤ ᠣᠷᠬᠢᠭᠳᠠᠭᠤᠯᠤᠯ ᠥᠬᠡᠶ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠬᠠᠷᠠᠭᠠᠯᠵᠠᠯ ᠤᠨ ᠦᠨᠡᠮᠯᠡᠯ ᠠᠪᠬᠤ ᠳᠤ ︽ᠬᠠᠮᠤᠭ ᠤᠨ ᠣᠯᠠᠨ ᠳᠤ ᠪᠠᠨ ᠨᠢᠭᠡ ᠯᠡ ᠤᠳᠠᠭ᠎ᠠ ᠣᠴᠢᠵᠤ ᠬᠦᠢᠴᠡᠳᠭᠡᠭᠦ︾ ᠶᠢ ᠪᠠᠶᠠᠯᠠᠬᠦᠯᠬᠦ ᠪᠠᠷ ᠪᠣᠢ᠃ ᠡᠳᠦᠭᠡ ᠳᠡᠩᠰᠡᠯᠡᠨ ᠺᠠᠷᠲᠯᠠᠬᠤ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠵᠠᠷᠯᠠᠪᠠ᠄ ᠨᠢᠭᠡ᠂ ᠳᠡᠩᠰᠡᠯᠡᠵᠦ ᠺᠠᠲᠯᠠᠬᠤ ᠡᠲᠡᠭᠡᠳ      ᠤᠷᠠᠳ ᠤᠨ ᠡᠮᠦᠨᠡᠲᠦ ᠬᠤᠰᠢᠭᠤᠨ ᠤ ᠡᠷᠦᠬᠡ ᠠᠮᠠ ᠪᠤᠶᠤ ᠪᠠᠶᠢᠩᠭᠤ ᠰᠠᠭᠤᠭ᠎ᠠ ᠭᠠᠵᠠᠷ ᠤᠨ ᠤᠷᠠᠳ ᠤᠨ ᠡᠮᠦᠨᠡᠲᠦ ᠬᠤᠰᠢᠭᠤᠨ ᠤ ᠬᠠᠷᠢᠶ᠎ᠠ ᠣᠷᠣᠨ ᠳᠠᠬᠢ ᠴᠡᠷᠢᠭ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠬᠤ ᠡᠲᠡᠭᠡᠳ᠃       ︵ᠨᠢᠭᠡ︶ ᠴᠡᠷᠢᠭ ᠤᠨ ᠠᠯᠪᠠᠨ ᠠᠴᠠ ᠪᠠᠭᠤᠭᠰᠠᠨ ᠺᠠᠳ᠋ᠷ᠃ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠬᠢᠨᠡᠭᠦᠯᠦᠭᠰᠡᠨ ᠲᠤᠰᠢᠶᠠᠯ ᠠᠴᠠ ᠪᠠᠨ ᠰᠠᠯᠵᠤ ᠠᠮᠠᠷᠠᠭᠰᠠᠨ ᠪᠠ ᠨᠠᠰᠤᠨ ᠤ ᠠᠮᠠᠷᠠᠯᠲᠠ ᠠᠪᠤᠭᠰᠠᠨ ᠺᠠᠳ᠋ᠷ᠂ ᠴᠡᠷᠢᠭ ᠠᠴᠠ ᠰᠢᠯᠵᠢᠭᠰᠡᠨ ᠺᠠᠳ᠋ᠷ᠂ ᠵᠢᠩᠬᠢᠨᠢ ᠠᠯᠪᠠᠨ ᠤ ᠺᠠᠳ᠋ᠷ ᠠᠴᠠ ᠰᠢᠯᠵᠢᠭᠰᠡᠨ ᠪᠢᠴᠢᠭ ᠤᠨ ᠲᠤᠰᠢᠶᠠᠯᠲᠠᠨ᠂ ᠴᠡᠷᠢᠭ ᠠᠴᠠ ᠬᠠᠯᠠᠭᠳᠠᠭᠰᠠᠨ ᠺᠠᠳ᠋ᠷ ︵ᠴᠡᠷᠢᠭ ᠠᠴᠠ ᠬᠠᠯᠠᠭᠳᠠᠭᠰᠠᠨ ᠣᠹᠢᠼᠧᠷ︶᠂ ᠰᠠᠷ᠎ᠠ ᠪᠦᠷᠢ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠠᠪᠴᠤ ᠪᠠᠶᠢᠭ᠎ᠠ ᠴᠡᠷᠢᠭ ᠤᠨ ᠠᠯᠪᠠᠨ ᠠᠴᠠ ᠪᠠᠭᠤᠭᠰᠠᠨ ᠣᠹᠢᠼᠧᠷ      ︵ᠬᠤᠶᠠᠷ︶ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ᠃ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠭᠰᠠᠨ ᠪᠠᠭ᠎ᠠ ᠣᠹᠢᠼᠧᠷ ︵ᠰᠠᠶᠢᠨ ᠳᠤᠷ᠎ᠠ ᠶᠢᠨ ᠴᠡᠷᠢᠭ︶᠂ ᠠᠵᠢᠯ ᠲᠣᠬᠢᠷᠠᠭᠤᠯᠬᠤ ᠠᠷᠭ᠎ᠠ ᠮᠠᠶ᠋ᠢᠭ ᠢᠶᠠᠷ ᠲᠥᠪᠬᠢᠨᠡᠭᠦᠯᠦᠭᠰᠡᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ᠂ ᠪᠡᠶ᠎ᠡ ᠪᠠᠨ ᠳᠠᠭᠠᠭᠠᠵᠤ ᠠᠵᠢᠯ ᠣᠯᠬᠤ ᠠᠷᠭ᠎ᠠ ᠮᠠᠶ᠋ᠢᠭ ᠢᠶᠠᠷ ᠲᠥᠪᠬᠢᠨᠡᠭᠦᠯᠦᠭᠰᠡᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ᠂ ᠤᠯᠤᠰ ᠠᠴᠠ ᠠᠰᠠᠷᠠᠨ ᠲᠡᠵᠢᠭᠡᠵᠦ ᠪᠠᠶᠢᠭ᠎ᠠ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ᠂ ᠴᠡᠷᠢᠭ ᠤᠨ ᠠᠯᠪᠠᠨ ᠠᠴᠠ ᠪᠠᠭᠤᠭᠰᠠᠨ ᠵᠣᠭᠤᠰ ᠢ ᠰᠠᠷ᠎ᠠ ᠳᠠᠷᠠᠭᠠᠯᠠᠨ ᠠᠪᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ      ︵ᠭᠤᠷᠪᠠ︶ ᠴᠡᠷᠢᠭ ᠠᠴᠠ ᠬᠠᠯᠠᠭᠳᠠᠭᠰᠠᠳ᠃ 1954 ᠣᠨ ᠤ 10 ᠰᠠᠷ᠎ᠠ ᠶᠢᠨ 31 ᠤ ᠡᠳᠦᠷ ᠠᠴᠠ ᠡᠮᠦᠨ᠎ᠡ ᠴᠡᠷᠢᠭ ᠲᠤ ᠣᠷᠣᠵᠤ᠂ ᠰᠡᠭᠦᠯᠡᠷ ᠨᠢ ᠵᠥᠪᠰᠢᠶᠡᠷᠡᠯ ᠢᠶᠠᠷ ᠴᠡᠷᠢᠭ ᠠᠴᠠ ᠬᠠᠯᠠᠭᠳᠠᠭᠰᠠᠨ ᠬᠥᠮᠦᠰ᠂ ᠡᠭᠦᠨ ᠳᠤ ᠨᠤᠲᠤᠭ ᠲᠠᠭᠠᠨ ᠪᠠᠶᠢᠭ᠎ᠠ ᠴᠡᠷᠢᠭ ᠠᠴᠠ ᠬᠠᠯᠠᠭᠳᠠᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠨᠤᠲᠤᠭ ᠲᠠᠭᠠᠨ ᠪᠠᠶᠢᠭ᠎ᠠ ᠪᠠᠷᠠᠭᠤᠨ ᠵᠠᠮ ᠤᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠤᠯᠠᠭᠠᠨ ᠴᠡᠷᠢᠭ ᠤᠨ ᠰᠠᠯᠵᠤ ᠪᠤᠳᠠᠷᠠᠭᠰᠠᠨ ᠬᠥᠮᠦᠰ᠂ ᠪᠤᠰᠤᠳ ᠴᠡᠷᠢᠭ ᠠᠴᠠ ᠬᠠᠯᠠᠭᠳᠠᠭᠰᠠᠨ ᠴᠡᠷᠢᠭ ᠪᠠᠭᠲᠠᠨ᠎ᠠ       ︵ᠳᠥᠷᠪᠡ︶ ᠪᠤᠰᠤᠳ ᠬᠠᠷᠠᠭᠠᠯᠵᠠᠭᠤᠯᠬᠤ ᠡᠲᠡᠭᠡᠳ᠃ ᠡᠪᠡᠳᠴᠢᠨ ᠲᠠᠢ ᠪᠠᠷ ᠨᠤᠲᠤᠭ ᠲᠠᠭᠠᠨ ᠪᠤᠴᠠᠭᠰᠠᠨ ᠴᠡᠷᠢᠭ ᠠᠴᠠ ᠪᠠᠭᠤᠭᠰᠠᠳ᠂ ᠵᠡᠮᠳᠡᠭ ᠴᠡᠷᠢᠭ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ︵ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠣᠯᠭᠤᠮᠵᠢ ᠠᠪᠬᠤ ᠦᠭᠡᠶ ᠬᠥᠮᠦᠰ ᠪᠠᠭᠲᠠᠨ᠎ᠠ︶᠂ ᠵᠡᠮᠳᠡᠭ ᠠᠷᠠᠳ ᠤᠨ ᠴᠠᠭᠳᠠᠭ᠎ᠠ᠂ ᠵᠡᠮᠳᠡᠭ ᠲᠥᠷᠥ ᠶᠢᠨ ᠪᠠᠶᠢᠭᠤᠯᠤᠯᠭ᠎ᠠ ᠶᠢᠨ ᠠᠵᠢᠯᠲᠠᠨ᠂ ᠵᠡᠮᠳᠡᠭ ᠪᠣᠯᠤᠭᠰᠠᠨ ᠡᠷᠦᠬᠡ ᠶᠢᠨ ᠴᠡᠷᠢᠭ ᠡᠷᠦᠬᠡ ᠶᠢᠨ ᠠᠵᠢᠯᠴᠢᠨ ᠵᠢᠴᠢ ᠵᠡᠮᠳᠡᠭ ᠪᠣᠯᠤᠭᠰᠠᠨ ᠪᠡᠯᠡᠳᠬᠡᠯ ᠠᠯᠪᠠᠨ ᠤ ᠬᠥᠮᠦᠰ᠂ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠭᠰᠠᠨ ᠪᠠᠭᠤᠭᠰᠠᠨ ᠠᠵᠢᠯᠲᠠᠨ ᠠᠵᠢᠯᠴᠢᠨ ᠵᠡᠷᠭᠡ ᠬᠥᠮᠦᠰ      ᠬᠤᠶᠠᠷ᠂ ᠳᠠᠩᠰᠠᠯᠠᠵᠤ ᠺᠠᠷᠲᠯᠠᠬᠤ ᠠᠭᠤᠯᠭ᠎ᠠ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠳᠤ ᠭᠤᠤᠯᠳᠠᠭᠤ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠪᠠ ᠨᠡᠶᠢᠭᠡᠮ ᠤᠨ ᠠᠵᠢᠯᠯᠠᠭ᠎ᠠ ᠶᠢᠨ ᠮᠡᠳᠡᠭᠡ ᠵᠠᠩᠭᠢ᠂ ᠠᠯᠪᠠ ᠬᠠᠭᠠᠬᠤ ᠮᠡᠳᠡᠭᠡ ᠵᠠᠩᠭᠢ᠂ ᠲᠥᠪᠬᠢᠨᠡᠭᠦᠯᠬᠦ ᠮᠡᠳᠡᠭᠡ ᠵᠠᠩᠭᠢ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ᠂ ᠬᠥᠮᠦᠵᠢᠯ ᠪᠣᠯᠪᠠᠰᠤᠷᠠᠭᠤᠯᠤᠯ ᠤᠨ ᠮᠡᠳᠡᠭᠡ ᠵᠠᠩᠭᠢ᠂ ᠠᠰᠠᠷᠠᠮᠵᠢ ᠬᠠᠷᠠᠭᠠᠯᠵᠠᠯ ᠤᠨ ᠮᠡᠳᠡᠭᠡ ᠵᠠᠩᠭᠢ᠂ ᠰᠠᠶᠢᠰᠢᠶᠠᠨ ᠵᠣᠷᠢᠭᠵᠢᠭᠤᠯᠬᠤ ᠮᠡᠳᠡᠭᠡ ᠵᠠᠩᠭᠢ᠂ ᠬᠠᠪᠰᠤᠷᠤᠨ ᠲᠡᠳᠬᠦᠵᠦ ᠲᠤᠰᠠᠯᠠᠬᠤ ᠮᠡᠳᠡᠭᠡ ᠵᠠᠩᠭᠢ ᠵᠡᠷᠭᠡ 9 ᠶᠡᠭᠡ  ᠵᠦᠢᠯ ᠤᠨ ᠮᠡᠳᠡᠭᠡ ᠵᠠᠩᠭᠢ ᠶᠢ ᠪᠦᠷᠢᠳᠬᠡᠨ᠎ᠡ       ᠭᠤᠷᠪᠠ᠂ ᠳᠠᠩᠰᠠᠯᠠᠵᠤ ᠺᠠᠷᠲᠯᠠᠬᠤ ᠳᠤ ᠬᠡᠷᠡᠭᠰᠡᠬᠦ ᠮᠠᠲ᠋ᠧᠷᠢᠶᠠᠯ       ︵ ᠨᠢᠭᠡ︶ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠃ ᠲᠣᠰ ᠬᠥᠮᠦᠨ ᠵᠢᠴᠢ ᠲᠣᠰ ᠬᠦᠮᠦᠨ ᠤ ᠬᠡᠷ ᠪᠦᠯᠢ ᠶᠢᠨ ᠪᠦᠷᠢᠯᠳᠦᠬᠦᠨ ︵ᠬᠤᠯᠪᠣᠰᠤ᠂ ᠦᠷ᠎ᠡ ᠬᠡᠦᠬᠡᠳ ᠵᠡᠷᠭᠡ︶ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠵᠢᠴᠢ ᠣᠶᠢᠷ᠎ᠠ ᠶᠢᠨ ᠬᠤᠭᠤᠴᠠᠭᠠᠨ ᠤ 1 ᠢᠮᠠᠬᠤ ᠶᠢᠨ ᠵᠥᠪ ᠲᠠᠯ᠎ᠠ ᠶᠢᠨ ᠮᠠᠯᠠᠭᠠᠶ ᠥᠬᠡᠶ ᠴᠠᠭᠠᠨ ᠳᠡᠪᠢᠰᠬᠡᠷᠲᠦ ᠪᠤᠳᠤᠭᠲᠤ ᠬᠡᠷᠡᠯ ᠵᠢᠷᠤᠭ 1 ᠪᠠ ᠡᠯᠧᠺᠲᠷᠣᠨ ᠬᠡᠪᠯᠡᠯ ︵ᠲᠣᠯᠣᠭᠠᠶ ᠶᠢᠨ ᠬᠡᠰᠡᠭ ᠤᠨ ᠬᠡᠷᠡᠯ ᠵᠢᠷᠤᠭ ᠤᠨ ᠶᠡᠭᠡ ᠪᠠᠭ᠎ᠠ ᠶᠢᠨ ᠭᠤᠷᠪᠠᠨ ᠤ ᠬᠤᠶᠠᠷ᠂ ᠨᠢᠳᠦ ᠰᠢᠭᠤᠳ ᠬᠠᠷᠠᠬᠤ ᠦᠵᠡᠭᠳᠡᠯ᠂ ᠬᠥᠮᠦᠨ ᠤ ᠬᠥᠷᠥᠭ ᠨᠢ ᠲᠣᠳᠣᠷᠬᠠᠶ ᠪᠥᠭᠡᠳ ᠵᠢᠷᠤᠭ ᠤᠨ ᠬᠠᠪᠢᠰᠤᠨ ᠳᠣᠲᠣᠷ᠎ᠠ ᠨᠢ ᠥᠩᠭᠡ ᠪᠤᠳᠤᠭ ᠲᠠᠢ᠂ ᠢᠯᠡᠷᠬᠡᠶ ᠭᠠᠵᠢᠭ ᠥᠬᠡᠶ︔ ᠬᠡᠪ ᠪᠠᠷᠢᠮᠵᠢᠶ᠎ᠠ ᠨᠢ 352 ᠳᠦᠷᠰᠦ ᠶᠢᠨ ᠡᠯᠧᠮᠧᠨ᠋ᠲ ︵ᠥᠷᠭᠡᠨ︶ 440 ᠳᠦᠷᠰᠦ ᠶᠢᠨ ᠡᠯᠧᠮᠧᠨ᠋ᠲ ︵ᠥᠨᠳᠥᠷ︶᠂ JPEG ᠬᠡᠯᠪᠡᠷᠢ᠂ ᠢᠯᠭᠠᠮᠵᠢ ᠨᠢ 300 DPI᠂ ᠶᠡᠭᠡ ᠪᠠᠭ᠎ᠠ ᠨᠢ 20 K 50 K︶    ︵ ᠬᠤᠶᠠᠷ︶ ᠴᠡᠷᠢᠭ ᠤᠨ ᠠᠯᠪᠠᠨ ᠠᠴᠠ ᠪᠠᠭᠤᠭᠰᠠᠳ ᠮᠠᠲ᠋ᠧᠷᠢᠶᠠᠯ ᠬᠠᠩᠭᠠᠬᠤ  ᠴᠡᠷᠢᠭ ᠠᠴᠠ ᠰᠢᠯᠵᠢᠭᠰᠡᠨ ᠦᠨᠡᠮᠯᠡᠯ᠂ ᠴᠡᠷᠢᠭ ᠠᠴᠠ ᠪᠠᠭᠤᠭᠰᠠᠨ ᠦᠨᠡᠮᠯᠡᠯ᠂ ᠴᠡᠷᠢᠭ ᠠᠩᠭᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠦᠨᠡᠮᠯᠡᠯ᠂ ᠴᠡᠷᠢᠭ ᠠᠴᠠ ᠬᠠᠯᠠᠭᠳᠠᠭᠰᠠᠨ ᠦᠨᠡᠮᠯᠡᠯ ᠪᠤᠶᠤ ᠴᠡᠷᠢᠭ ᠤᠨ ᠠᠯᠪᠠᠨ ᠠᠴᠠ ᠪᠠᠭᠤᠭᠰᠠᠨ ᠳᠠᠩᠰᠠᠯᠠᠯᠲᠠ ᠶᠢᠨ ᠬᠦᠰᠦᠨᠦᠭᠲᠦ ᠵᠡᠷᠭᠡ ᠴᠡᠷᠢᠭ ᠤᠨ ᠠᠯᠪᠠᠨ ᠠᠴᠠ ᠪᠠᠭᠤᠭᠰᠠᠳ ᠤᠨ ᠪᠡᠶ᠎ᠡ ᠶᠢᠨ ᠭᠡᠷᠡᠴᠢ ᠮᠠᠲ᠋ᠧᠷᠢᠶᠠᠯ᠂ ᠴᠡᠷᠢᠭ ᠲᠤ ᠣᠷᠣᠬᠤ ᠮᠡᠳᠡᠭᠳᠡᠯ ᠤᠨ ᠪᠢᠴᠢᠭ ᠪᠤᠶᠤ ᠴᠡᠷᠢᠭ ᠲᠤ ᠣᠷᠣᠬᠤ ᠶᠢ ᠵᠥᠪᠰᠢᠶᠡᠷᠡᠭᠰᠡᠨ ᠪᠢᠴᠢᠭ ᠵᠢᠴᠢ ᠵᠡᠮᠳᠡᠭ ᠴᠡᠷᠢᠭ ᠤᠨ ᠦᠨᠡᠮᠯᠡᠯ ᠵᠡᠷᠭᠡ ᠪᠤᠰᠤᠳ ᠮᠠᠲ᠋ᠧᠷᠢᠶᠠᠯ ᠪᠤᠶᠤ ᠭᠡᠷᠡᠴᠢ    1. ᠬᠤᠶᠠᠳᠠᠬᠢ ᠤᠳᠠᠭ᠎ᠠ ᠴᠡᠷᠢᠭ ᠲᠤ ᠤᠷᠤᠭᠰᠠᠨ ᠴᠡᠷᠢᠭ ᠠᠴᠠ ᠬᠠᠯᠠᠭᠳᠠᠭᠰᠠᠳ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠨ᠎ᠠ     2. ᠣᠨᠴᠠᠭᠠᠶ ᠭᠠᠵᠠᠷ ᠣᠷᠣᠨ ᠳᠤ ᠠᠯᠪᠠ ᠬᠠᠭᠠᠵᠤ ᠪᠠᠶᠢᠭ᠎ᠠ ᠴᠡᠷᠢᠭ ᠠᠴᠠ ᠬᠠᠯᠠᠭᠳᠠᠭᠰᠠᠳ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠨ᠎ᠠ    ︵ᠭᠤᠷᠪᠠ︶ ︽ᠭᠤᠷᠪᠠᠨ ᠬᠠᠷᠢᠶ᠎ᠠ︾ ᠪᠠᠷ ᠮᠠᠲ᠋ᠧᠷᠢᠶᠠᠯ ᠬᠠᠩᠭᠠᠬᠤ᠃ ᠦᠷᠡᠭᠳᠡᠭᠰᠡᠨ ᠪᠠᠭᠠᠲᠤᠷ ᠤᠨ ᠭᠡᠷᠡᠴᠢ ᠪᠢᠴᠢᠭ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷᠡᠴᠢ ᠪᠢᠴᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷᠡᠴᠢ ᠪᠢᠴᠢᠭ ᠵᠡᠷᠭᠡ᠃ ᠵᠢᠴᠢ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠬᠥᠮᠦᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠬᠠᠷᠢᠴᠠᠭ᠎ᠠ ᠶᠢ ᠭᠡᠷᠡᠴᠢᠯᠡᠬᠦ ᠮᠠᠲ᠋ᠧᠷᠢᠶᠠᠯ᠂ ᠡᠭᠦᠨ ᠳᠤ ᠪᠠᠭᠲᠠᠬᠤ ᠪᠣᠯᠪᠠᠴᠤ᠄ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠬᠢᠵᠦ ᠥᠭᠭᠦᠭᠰᠡᠨ ᠲᠥᠷᠥᠯ ᠰᠠᠳᠤᠨ ᠤ ᠬᠠᠷᠢᠴᠠᠭ᠎ᠠ ᠶᠢᠨ ᠭᠡᠷᠡᠴᠢ᠂ ᠣᠷᠤᠭ ᠤᠨ ᠭᠡᠷᠡᠴᠢ᠂ ᠡᠷᠦᠬᠡ ᠠᠮᠠ ᠶᠢᠨ ᠳᠡᠪᠲᠡᠷ ︵ᠭᠤᠶᠤᠴᠢᠯᠠᠭᠴᠢ ᠬᠢᠭᠡᠳ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠬᠠᠷᠢᠴᠠᠭ᠎ᠠ ᠨᠢ ᠨᠢᠭᠡ ᠡᠷᠦᠬᠡ ᠠᠮᠠ ᠶᠢᠨ ᠳᠡᠪᠲᠡᠷ ᠲᠤ ᠪᠠᠶᠢᠨ᠎ᠠ︶᠂ ᠲᠥᠷᠥᠭᠰᠡᠨ ᠭᠡᠷᠡᠴᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠪᠠᠭᠲᠠᠭᠠᠬᠤ ᠪᠣᠯᠪᠠᠴᠤ ᠡᠭᠦᠨ ᠳᠤ ᠬᠢᠵᠠᠭᠠᠷᠯᠠᠭᠳᠠᠬᠤ ᠥᠬᠡᠶ᠃    ︵ᠳᠥᠷᠪᠡ︶ ᠰᠤᠷᠤᠯᠴᠠᠭᠰᠠᠨ ᠨᠠᠮᠲᠠᠷ ᠤᠨ ᠭᠡᠷᠡᠴᠢ ᠃ ᠲᠤᠰ ᠬᠥᠮᠦᠨ ᠨᠢ ᠡᠷᠬᠡᠪᠰᠢ ᠠᠯᠪᠠ ᠬᠠᠭᠠᠬᠤ ᠠᠴᠠ ᠡᠮᠦᠨ᠎ᠡ᠂ ᠠᠯᠪᠠ ᠬᠠᠭᠠᠭᠰᠠᠨ ᠤ ᠳᠠᠷᠠᠭᠠᠬᠢ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ      ︵ᠲᠠᠪᠤ︶  ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠡᠮᠳᠡᠭᠯᠡᠯ᠃ ①ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠠᠵᠤ ᠠᠬᠤᠶᠢᠯᠠᠯ ᠤᠨ ᠣᠨ ᠤ ᠮᠥᠩᠭᠦ / ᠠᠵᠢᠯ ᠮᠡᠷᠭᠡᠵᠢᠯ ᠤᠨ ᠣᠨ ᠤ ᠮᠥᠩᠭᠦ ᠵᠡᠷᠭᠡ︔② ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠡᠬᠢᠯᠡᠬᠦ ᠴᠠᠭ ᠲᠡᠭᠦᠰᠬᠦ ᠴᠠᠭ︔ ③ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠭᠠᠵᠠᠷ ᠨᠢ ᠪᠣᠳᠠᠲᠠᠶ XX ᠬᠤᠲᠠ ᠶᠢᠨ XX ᠬᠤᠰᠢᠭᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶︔ ④ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠨ ᠤ ᠲᠤᠭ᠎ᠠ᠃    ︵ ᠵᠢᠷᠭᠤᠭ᠎ᠠ︶ ᠭᠠᠪᠢᠶ᠎ᠠ ᠪᠠᠶᠢᠭᠤᠯᠵᠤ ᠱᠠᠩᠨᠠᠯ ᠣᠯᠤᠭᠰᠠᠨ ᠭᠡᠷᠡᠴᠢ ᠪᠢᠴᠢᠭ᠃ ᠲᠤᠰ ᠬᠥᠮᠦᠨ ᠤ ᠴᠡᠷᠢᠭ ᠠᠩᠭᠢ᠂ ᠣᠷᠣᠨ ᠨᠤᠲᠤᠭ ᠲᠤ ᠣᠯᠤᠭᠰᠠᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠲᠥᠷᠥᠯ ᠤᠨ ᠱᠠᠩᠨᠠᠯ ᠤᠨ ᠵᠦᠢᠯ ᠤᠨ ᠦᠨᠡᠮᠯᠡᠯ    ︵ᠳᠣᠯᠤᠭ᠎ᠠ︶ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠦᠨᠡᠮᠯᠡᠯ᠃ ᠲᠤᠰ ᠬᠥᠮᠦᠨ ᠤ ᠠᠯᠪᠠ ᠬᠠᠭᠠᠬᠤ ᠬᠤᠭᠤᠴᠠᠭ᠎ᠠ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠣᠯᠤᠭᠰᠠᠨ ᠮᠡᠷᠭᠡᠵᠢᠯ ᠤᠨ ᠲᠥᠷᠥᠯ᠂ ᠬᠠᠮᠢᠶᠠᠷᠤᠯᠲᠠ ᠶᠢᠨ ᠲᠥᠷᠥᠯ ᠤᠨ ᠦᠨᠡᠮᠯᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ    ︵ ᠨᠠᠢᠮᠠ︶ ᠨᠠᠮ ᠤᠨ ᠡᠭᠦᠷ ᠤᠨ ᠭᠡᠷᠡᠴᠢ᠃ ᠪᠠᠶᠢᠭ᠎ᠠ ᠨᠠᠮ ᠤᠨ ᠡᠭᠦᠷ ᠤᠨ ᠨᠡᠷᠡᠶᠢᠳᠦᠯ᠂ ᠨᠠᠮ ᠳᠤ ᠤᠷᠤᠬᠰᠠᠨ ᠴᠠᠭ᠂ ᠨᠠᠮ ᠤᠨ ᠰᠦᠢᠳᠬᠡᠯ ᠢ ᠴᠠᠭ ᠲᠤᠬᠠᠢ ᠳᠤᠨᠢ ᠲᠤᠰᠢᠶᠠᠭᠰᠠᠨ ᠡᠰᠡᠬᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠢ ᠡᠭᠦᠷᠭᠡᠯᠡᠭᠰᠡᠨ ᠡᠰᠡᠬᠦ᠂ ᠳᠡᠭᠡᠷ᠎ᠡ ᠵᠢᠯ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠭᠰᠠᠨ ᠤᠳᠠᠭ᠎ᠠ᠃     ︵ ᠶᠢᠰᠦ︶ ᠴᠡᠷᠢᠭ ᠠᠴᠠ ᠬᠠᠯᠠᠭᠳᠠᠭᠰᠠᠳ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ ᠤᠨ ᠪᠦᠷᠢᠯᠳᠦᠬᠦᠨ︾ ︵ᠴᠡᠷᠢᠭ ᠤᠨ ᠡᠭᠦᠷ ᠤᠨ ᠱᠦᠵᠢ︶ ᠤ ᠭᠡᠷᠡᠴᠢ᠃ ᠰᠢᠶᠠᠩ ᠪᠠᠯᠭᠠᠰᠤ ᠶᠢᠨ ᠺᠠᠳ᠋ᠷ ᠤᠨ ᠲᠤᠰᠢᠶᠠᠯ ᠢ ᠬᠠᠪᠰᠤᠷᠭᠠᠨ ᠡᠭᠦᠷᠭᠡᠯᠡᠭᠰᠡᠨ ᠡᠰᠡᠬᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ ᠶᠢᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠭᠰᠡᠨ ᠡᠰᠡᠬᠦ᠂ ᠲᠣᠰᠬᠤᠨ ᠤ ᠺᠠᠳ᠋ᠷ ᠤᠨ ᠥᠩᠭᠡᠷᠡᠯᠲᠡ᠂ ᠵᠢᠯ ᠬᠤᠭᠤᠴᠠᠭ᠎ᠠ᠂ ᠲᠤᠰᠢᠶᠠᠯ ᠤᠨ ᠬᠤᠭᠤᠴᠠᠭᠠᠨ ᠳᠤ ᠰᠠᠶᠢᠰᠢᠶᠠᠨ ᠬᠥᠬᠢᠭᠦᠯᠦᠭᠳᠡᠭᠰᠡᠨ ᠪᠠᠶᠢᠳᠠᠯ᠂ ᠠᠵᠢᠯ ᠤᠨ ᠪᠠᠶᠢᠷᠢ ᠶᠢᠨ ᠵᠢᠯ ᠤᠨ ᠣᠷᠣᠯᠭ᠎ᠠ ᠨᠢ ᠬᠡᠳᠦᠶ ᠲᠦᠮᠡᠨ ᠲᠥᠭᠦᠷᠢᠭ᠂ ᠳᠠᠪᠠᠭᠤᠯᠢᠭ ᠣᠨᠴᠠ ᠴᠢᠳᠠᠪᠤᠷᠢ᠂ ᠲᠤᠰᠢᠶᠠᠯ ᠡᠭᠦᠷᠭᠡᠯᠡᠭᠰᠡᠨ ᠭᠠᠴᠠᠭ᠎ᠠ ᠲᠣᠰᠬᠤᠨ ᠤ ᠦᠨᠳᠦᠰᠦᠨ ᠪᠠᠶᠢᠳᠠᠯ ᠵᠢᠴᠢ ᠲᠠᠨᠢᠯᠴᠠᠭᠤᠯᠭ᠎ᠠ᠂ ︽ᠬᠤᠶᠠᠷ ᠵᠥᠪᠯᠡᠯ ᠤᠨ ᠪᠦᠷᠢᠯᠳᠦᠬᠦᠨ ᠤ ᠶᠡᠷᠦᠩᠬᠡᠶ ᠬᠥᠮᠦᠨ ᠤ ᠲᠤᠭ᠎ᠠ︾᠂ ᠣᠨᠴᠠᠯᠢᠭᠲᠤ ᠠᠵᠤ ᠦᠢᠯᠡᠰ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠶᠢᠰᠢᠶᠠᠨ ᠬᠥᠬᠢᠭᠦᠯᠦᠭᠳᠡᠭᠰᠡᠨ ᠪᠠᠶᠢᠳᠠᠯ ︵ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠥᠷᠥᠯ᠂ ᠬᠠᠮᠲᠤ ᠶᠢᠨ ᠠᠵᠤ ᠠᠬᠤᠶ ᠶᠢᠨ ᠲᠥᠷᠥᠯ᠂ ᠠᠮᠢ ᠠᠬᠤᠶ ᠶᠢᠨ ᠣᠷᠴᠢᠨ ᠲᠣᠭᠤᠷᠢᠨ ᠤ ᠲᠥᠷᠥᠯ᠂ ᠣᠶᠤᠨ ᠤ ᠪᠣᠯᠪᠠᠰᠤᠨ ᠤ ᠲᠥᠷᠥᠯ︶     ︵ᠠᠷᠪᠠ︶ ᠲᠥᠪᠬᠢᠨᠡᠭᠦᠯᠦᠭᠰᠡᠨ ᠪᠠᠶᠢᠳᠠᠯ᠃ ᠲᠥᠪᠬᠢᠨᠡᠭᠦᠯᠦᠭᠰᠡᠨ ᠪᠠᠶᠢᠳᠠᠯ ᠢᠶᠠᠨ ᠲᠤᠬᠠᠶ ᠶᠢᠨ ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠷᠢᠯᠴᠠᠭᠠᠷᠠᠶ     ︵ᠠᠷᠪᠠᠨ ᠨᠢᠭᠡ︶ ᠠᠳᠠᠯ ᠪᠣᠰᠬᠠᠭᠰᠠᠨ ᠪᠠᠶᠢᠳᠠᠯ᠃ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠡᠵᠡᠩᠨᠡᠯᠲᠡ ᠶᠢᠨ ᠦᠨᠡᠮᠯᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ︵ᠡᠭᠦᠨ ᠠᠴᠠ ᠭᠠᠳᠠᠨ᠎ᠠ᠂ ᠲᠤᠰ ᠬᠥᠮᠦᠨ ᠨᠢ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠬᠤᠪᠢ ᠣᠷᠣᠭᠤᠯᠤᠭᠴᠢ᠂ ᠭᠤᠣᠯ ᠬᠠᠮᠢᠶᠠᠷᠤᠭᠴᠢ᠂ ᠬᠤᠷᠰᠢᠭᠴᠢ ᠵᠡᠷᠭᠡ︶ ᠢ ᠬᠠᠩᠭᠠᠬᠤ ᠴᠢᠬᠤᠯᠠᠲᠠᠶ       ︵ᠠᠷᠪᠠᠨ ᠬᠤᠶᠠᠷ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠪᠠᠶᠢᠳᠠᠯ᠃ ᠲᠤᠰ ᠬᠥᠮᠦᠨ ᠨᠢ ᠨᠢᠭᠡᠴᠢ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠭᠠᠷᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠶ ᠳᠥᠷᠪᠡ᠂ ᠡᠯ᠎ᠡ ᠰᠤᠮᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ ᠶᠢᠨ ᠬᠠᠷᠢᠯᠴᠠᠬᠤ ᠠᠷᠭ᠎ᠠ ᠬᠡᠯᠪᠡᠷᠢ  ᠮᠣᠨᠠ ᠠᠭᠤᠯᠠ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ‍ᠤᠨ‌ᠦᠢᠯᠡᠴᠢᠯᠡᠬᠡᠨ ᠤ ᠥᠷᠲᠡᠭᠡ ᠄     04783235779ᠰᠢᠨ ᠠᠨ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ ᠄   13947832566  ᠪᠠᠷᠠᠭᠤᠨ ᠪᠠᠭ᠎ᠠ ᠵᠣᠣ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ‍ᠤᠨ‌ᠦᠢᠯᠡᠴᠢᠯᠡᠬᠡᠨ ᠤ ᠥᠷᠲᠡᠭᠡ᠄              15389801553ᠰᠢᠶᠠᠨ ᠹᠧᠩ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ ᠄ 15048890268 ᠶᠡᠭᠡ ᠰᠢᠭᠡᠲᠡᠢ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ᠄ 18604890626 ᠪᠠᠭ᠎ᠠ  ᠰᠢᠭᠡᠲᠡᠢ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠡᠨ ᠤ ᠥᠷᠲᠡᠭᠡ᠄ 13238415844  ᠮᠢᠩᠭᠠᠨ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ  ᠦᠢᠯᠡᠴᠢᠯᠡᠬᠡᠨ ᠤ ᠥᠷᠲᠡᠭᠡ᠄ 13947852049  ᠰᠤᠳᠠᠯ ᠤᠨ ᠬᠤᠳᠳᠤᠭ ᠪᠠᠯᠭᠠᠰᠤᠨ ᠤ ᠴᠡᠷᠢᠭ ᠠᠴᠠ ᠬᠠᠯᠠᠭᠳᠠᠭᠰᠠᠳ  ᠤᠨ ᠦᠢᠯᠡᠴᠢᠯᠡᠬᠡᠨ ᠤ ᠥᠷᠲᠡᠭᠡ᠄ 15848337076ᠪᠠᠶᠠᠨᠬᠤᠸᠠ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ 15848703045ᠰᠠᠭᠠᠳᠠᠭ ᠰᠤᠮᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ ᠄ 17647309663ᠡᠷᠳᠡᠨᠢᠪᠤᠯᠠᠭ ᠰᠤᠮᠤ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠥᠷᠲᠡᠭᠡ᠄  17684789673         ᠲᠠᠪᠤ᠂ ᠠᠩᠬᠠᠷᠬᠤ ᠵᠦᠢᠯ       ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠣᠯᠵᠣ᠂ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠵᠤ᠂  ᠬᠦᠢᠴᠡᠳᠭᠡᠭᠦ ᠲᠠᠯᠠᠪᠤᠷ ᠭᠠᠵᠠᠷ ᠲᠤ ᠬᠥᠮᠦᠨ ᠬᠠᠷ᠎ᠠ ᠴᠤᠭᠯᠠᠷᠠᠬᠤ ᠥᠬᠡᠶ ᠪᠠᠶᠢᠬᠤ ᠶᠢ ᠪᠠᠲᠤᠯᠠᠵᠤ᠂ ᠰᠠᠨᠠᠭᠠᠨ ᠳᠤ ᠥᠬᠡᠶ ᠬᠡᠷᠡᠭ ᠡᠭᠦᠰᠬᠦ ᠠᠴᠠ ᠵᠠᠶᠢᠯᠠᠰᠬᠢᠵᠦ᠂ ᠴᠡᠷᠢᠭ ‍ᠤᠨ‌ᠠᠯᠪᠠ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠭᠤᠯᠤᠭᠰᠠᠳ ᠤᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠢᠴᠢ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠶᠢᠨ ᠲᠥᠯᠥᠭᠡ᠂ᠣᠯᠠᠨ ᠢᠶᠠᠷ ᠢᠶᠠᠨ ᠠᠵᠢᠯᠲᠠᠨ ᠤ ᠮᠡᠳᠡᠭᠳᠡᠯ ᠢ ᠬᠦᠯᠢᠴᠡᠩᠭᠦᠶ ᠪᠠᠷ ᠬᠦᠯᠢᠶᠡᠬᠦ ᠪᠤᠶᠤ ᠤᠲᠠᠰᠤ ᠪᠠᠷ ᠤᠷᠢᠳᠴᠢᠯᠠᠨ ᠪᠣᠯᠵᠣᠵᠤ ᠳᠠᠩᠰᠠᠯᠠᠭᠤᠯᠬᠤ ᠬᠡᠷᠡᠭᠲᠡᠶ᠃                            ᠤᠷᠠᠳ ᠤᠨ ᠡᠮᠦᠨᠡᠲᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ                                             2022 ᠣᠨ ᠤ 5 ᠰᠠᠷ᠎ᠠ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ