ᠡᠷᠡᠭᠦᠯᠵᠢᠯ ᠤᠨ ᠪᠤᠳᠠᠰ ᠬᠤᠳᠠᠯᠳᠤᠨ ᠠᠪᠬᠤ ᠳᠤ ᠠᠩᠬᠠᠷᠤᠭᠠᠷᠠᠢ
ᠨᠡᠶᠢᠲᠡᠯᠡᠭᠰᠡᠨ ᠴᠠᠭ᠄
2022/5/31
      ᠣᠶᠢᠷ᠎ᠠ ᠳᠤ᠂ ᠵᠠᠷᠢᠮ ᠰᠦᠯᠵᠢᠶᠡᠨ ᠨᠠᠶᠢᠵᠠ ᠦᠰᠦ ᠭᠡᠵᠢᠭᠡ ᠤᠨᠠᠬᠤ ᠶᠢ ᠡᠮᠨᠡᠨ ᠵᠠᠰᠠᠬᠤ ᠳᠤ ᠢᠯᠡᠳᠲᠡ ᠦᠷ᠎ᠡ ᠪᠦᠲᠦᠮᠵᠢ ᠲᠠᠢ ᠡᠷᠡᠭᠦᠯᠵᠢᠯ ᠤᠨ ᠪᠤᠳᠠᠰ ᠬᠤᠳᠠᠯᠳᠤᠨ ᠠᠪᠴᠤ᠂ ᠬᠡᠷᠡᠭᠯᠡᠭᠰᠡᠨ ᠤ ᠳᠠᠷᠠᠭ᠎ᠠ ᠬᠠᠷᠢᠨ ᠶᠠᠮᠠᠷ ᠴᠤ ᠦᠷ᠎ᠡ ᠪᠦᠲᠦᠮᠵᠢ ᠭᠠᠷᠤᠭᠰᠠᠨ ᠥᠬᠡᠶ᠃ ᠲᠡᠷᠡ ᠶᠠᠭᠠᠬᠢᠪᠠᠯ ᠵᠣᠬᠢᠬᠤ ᠪᠣᠶ︖ ᠬᠠᠤᠯᠢᠴᠢ ᠡᠭᠦᠨ ᠤ ᠲᠤᠬᠠᠶ ᠢᠯᠡᠷᠬᠡᠶᠢᠯᠡᠬᠦ ᠳᠡᠭᠡᠨ᠂ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠡᠷᠡᠭᠦᠯᠵᠢᠯ ᠤᠨ ᠢᠳᠡᠭᠡᠨ ᠤ ᠤᠬᠠᠭᠤᠯᠤᠭᠰᠠᠨ ᠡᠷᠭᠦᠯᠵᠢᠭᠦᠯᠬᠦ ᠴᠢᠳᠠᠮᠵᠢ ᠨᠢ ᠰᠢᠨᠵᠢᠯᠡᠬᠦ ᠤᠬᠠᠭᠠᠨᠴᠢ ᠦᠨᠳᠦᠰᠦᠯᠡᠯ ᠲᠠᠢ ᠪᠠᠶᠢᠬᠤ ᠬᠡᠷᠡᠭᠲᠡᠶ᠂ ᠡᠷᠡᠭᠦᠯᠵᠢᠯ ᠤᠨ ᠢᠳᠡᠭᠡᠨ ᠤ ᠲᠡᠮᠳᠡᠭ ᠤᠨ ᠲᠣᠳᠣᠷᠬᠠᠶᠢᠯᠠᠯᠲᠠ ᠨᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠴᠢᠳᠠᠮᠵᠢ ᠵᠡᠷᠭᠡ ᠳᠤ ᠬᠤᠯᠪᠣᠭᠳᠠᠵᠤ ᠪᠣᠯᠬᠤ ᠥᠬᠡᠶ᠂ ᠲᠣᠰ ᠣᠶᠢᠯᠡᠳᠬᠦᠨ ᠢ ᠥᠰᠬᠡᠭᠡᠨ ᠲᠥᠰᠬᠡᠭᠡᠨ ᠲᠠᠢ ᠤᠬᠠᠭᠤᠯᠵᠤ᠂ ᠮᠡᠬᠡᠯᠡᠭᠰᠡᠨ ᠰᠡᠵᠢᠭᠯᠡᠯᠲᠡᠶ ᠪᠠᠶᠢᠪᠠᠯ᠂ ᠬᠡᠷᠡᠭᠯᠡᠭᠴᠢᠳ ᠤᠨ ᠵᠠᠷᠤᠳᠠᠯ ᠢ ᠪᠤᠴᠠᠭᠠᠬᠤ ᠬᠡᠷᠡᠭᠲᠡᠶ ᠪᠥᠭᠡᠳ ᠦᠨ᠎ᠡ ᠶᠢᠨ ᠬᠢᠨᠢ ᠭᠤᠷᠪᠠᠨ ᠳᠠᠬᠢᠨ ᠤ ᠲᠥᠯᠥᠪᠦᠷᠢ ᠮᠥᠩᠭᠦ ᠥᠭᠬᠦ ᠬᠡᠷᠡᠭᠲᠡᠶ ᠭᠡᠪᠡ᠃
ᠢᠷᠡᠯᠲᠡ᠄ ᠤᠷᠳᠤᠰ ᠮᠤᠩᠭᠤᠯ ᠰᠦᠯᠵᠢᠶ᠎ᠡ