ᠮᠦᠡᠭᠬᠦᠨ ᠡᠳ᠋ᠯᠡᠯ ᠪᠠᠺᠲ᠋ᠧᠷᠢ ᠤᠰᠠᠳᠬᠠᠬᠤ ᠦᠢᠯᠡᠳᠦᠯ ᠲᠠᠢ
ᠨᠡᠶᠢᠲᠡᠯᠡᠭᠰᠡᠨ ᠴᠠᠭ᠄
2022/5/31
     ᠡᠷᠳᠡ ᠲᠡᠭᠡᠷ᠎ᠡ ᠦᠶ᠎ᠡ ᠠᠴᠠ ᠬᠦᠮᠦᠰ ᠮᠦᠡᠭᠬᠦᠨ ᠡᠳ᠋ᠯᠡᠯ ᠬᠡᠷᠡᠭᠰᠡᠯ᠂ ᠵᠠᠰᠠᠯ ᠵᠢᠮᠰᠡᠭ ᠢ ᠲᠦᠭᠡᠮᠡᠯ ᠬᠡᠷᠡᠭᠯᠡᠭᠰᠡᠭᠡᠷ ᠢᠷᠡᠭᠰᠡᠨ ᠶᠤᠮ᠃ ᠡᠬᠦᠨ ᠳᠤ ᠮᠤᠩᠭᠤᠯᠴᠤᠳ ᠤᠨ ᠦᠷᠭᠡᠨ ᠬᠡᠷᠡᠭᠯᠡᠳᠡᠭ ᠮᠦᠡᠭᠭᠦᠨ ᠡᠳ᠋ᠯᠡᠯ ᠬᠡᠷᠡᠭᠰᠡᠯ ᠢᠶᠠᠷ ᠵᠢᠱᠢᠶᠡᠯᠡᠬᠦ ᠳᠤ ᠭᠤᠤᠯᠳᠠᠭᠤ ᠮᠦᠡᠭᠬᠦᠨ ᠠᠶᠠᠭ᠎ᠠ᠂ ᠮᠦᠡᠭᠭᠦᠨ ᠬᠤᠨᠳᠠᠭ᠎ᠠ᠂ ᠮᠦᠡᠭᠭᠦᠨ ᠲᠠᠪᠠᠭ᠂ ᠮᠦᠡᠭᠭᠦᠨ ᠬᠠᠯᠪᠠᠭ᠎ᠠ᠂ ᠮᠦᠡᠭᠭᠦᠨ ᠰᠠᠪᠬ᠎ᠠ᠂ ᠮᠦᠡᠭᠭᠦᠨ ᠬᠢᠳᠤᠭ᠎ᠠ ᠬᠡᠬᠦ ᠮᠡᠳᠦᠴᠢᠯᠡᠨ ᠤᠯᠠᠨ ᠪᠠᠶᠢᠳᠠᠭ ᠪᠤᠯ ᠵᠠᠰᠠᠯ ᠵᠢᠮᠰᠡᠭ ᠤᠨ ᠬᠤᠪᠢ ᠳᠤ ᠲᠤᠯᠤᠭᠠᠢ ᠶᠢᠨ ᠵᠠᠰᠠᠯ ᠠᠴᠠ ᠡᠬᠢᠯᠡᠭᠡᠳ ᠮᠦᠡᠭᠭᠦᠨ ᠡᠭᠡᠮᠦᠭ ᠪᠦᠭᠡᠵᠢ᠂ ᠮᠦᠡᠭᠭᠦᠨ ᠰᠤᠨᠳᠤᠷ᠂ ᠮᠦᠡᠭᠭᠦᠨ ᠪᠠᠭᠤᠤ ᠭᠡᠳ ᠪᠠᠰᠠ ᠤᠯᠠᠨ ᠲᠦᠷᠦᠯ ᠪᠤᠢ᠃       ᠮᠦᠡᠭᠭᠦᠨ ᠤ ᠵᠦᠢᠯᠡᠰ ᠨᠢ ᠬᠦᠮᠦᠨ ᠢ ᠤᠯᠠᠮ ᠡᠷᠬᠢᠮᠰᠦᠭ ᠭᠤᠸ᠎ᠠ ᠬᠠᠷᠠᠭᠳᠠᠭᠤᠯᠬᠤ ᠮᠦᠷᠳᠡᠭᠡᠨ ᠲᠡᠭᠦᠨ ᠳᠤ ᠪᠠᠺᠲ᠋ᠧᠷᠢ ᠠᠯᠠᠬᠤ᠂ ᠬᠤᠤᠷ ᠲᠠᠨᠢᠬᠤ᠂ ᠶᠠᠰᠦ ᠬᠠᠮᠠᠭᠠᠯᠠᠬᠤ ᠵᠡᠷᠭᠡ ᠪᠡᠶ᠎ᠡ ᠶᠢᠨ ᠡᠷᠡᠬᠦᠯ ᠮᠡᠨᠳᠦ ᠳᠤ ᠠᠴᠢ ᠲᠤᠰᠠ ᠲᠠᠢ ᠰᠢᠨᠵᠢᠯᠡᠬᠦ ᠤᠬᠠᠭᠠᠨᠴᠢ ᠴᠢᠨᠠᠷ ᠤᠷᠤᠰᠢᠳᠠᠭ᠃ ᠴᠡᠭᠡ ᠶᠢ ᠮᠦᠡᠭᠭᠦᠨ ᠠᠶᠠᠭᠠᠨ ᠳᠤ ᠬᠢᠪᠡᠯ᠂ ᠰᠢᠨ᠎ᠡ ᠰᠤᠷᠭᠤᠭ ᠢ ᠨᠢ ᠪᠠᠳᠤᠯᠠᠳᠠᠭ᠃ ᠡᠨᠡ ᠨᠢ ᠲᠠᠷᠤᠢ ᠮᠦᠡᠭᠭᠦᠨ ᠳᠤ ᠪᠠᠺᠲ᠋ᠧᠷᠢ ᠤᠰᠠᠳᠬᠠᠬᠤ ᠦᠢᠯᠡᠳᠦᠯ ᠲᠠᠢ ᠭᠡᠳᠡᠭ ᠢ ᠬᠠᠷᠠᠭᠤᠯᠵᠤ ᠪᠠᠶᠢᠭ᠎ᠠ ᠨᠢᠭᠡ ᠵᠢᠱᠢᠶ᠎ᠡ ᠶᠤᠮ᠃ ᠲᠤᠰᠬᠠᠢ ᠮᠡᠷᠭᠡᠵᠢᠯᠳᠡᠳ ᠰᠤᠳᠤᠯᠭᠠᠨ ᠢᠶᠠᠷ ᠲᠠᠮᠵᠢᠨ ᠡᠩ ᠤᠨ ᠡᠪᠡᠳᠴᠢᠨ ᠡᠰᠡᠷᠬᠦᠴᠡᠬᠦ ᠡᠯᠧᠮᠧᠨ᠋ᠲ ᠨᠢ ᠵᠢᠷᠭᠤᠭᠠᠨ ᠵᠦᠢᠯ ᠤᠨ ᠠᠳᠠᠯᠢ ᠪᠤᠰᠤ ᠡᠪᠡᠳᠴᠢᠨ ᠤ ᠡᠬᠦᠰᠪᠦᠷᠢ ᠴᠤᠭᠴᠠ ᠶᠢ ᠤᠰᠠᠳᠬᠠᠵᠤ ᠴᠢᠳᠠᠳᠠᠭ ᠪᠤᠯ ᠮᠦᠡᠭᠬᠦ ᠠᠭᠤᠯᠤᠭᠰᠠᠨ ᠡᠪᠡᠳᠴᠢᠨ ᠢ ᠡᠰᠡᠷᠬᠦᠴᠡᠬᠦ ᠡᠯᠧᠮᠧᠨ᠋ᠲ ᠨᠢ ᠬᠠᠷᠢᠨ 650 ᠵᠦᠢᠯ ᠠᠴᠠ ᠲᠡᠭᠡᠭᠰᠢᠬᠢ ᠡᠪᠡᠳᠴᠢᠨ ᠤ ᠡᠬᠦᠰᠪᠦᠷᠢ ᠴᠤᠭᠴᠠ ᠶᠢ ᠤᠰᠠᠳᠬᠠᠳᠠᠭ ᠭᠡᠵᠤ ᠬᠡᠷᠡᠴᠢᠯᠡᠭᠰᠡᠨ ᠶᠤᠮ᠃      ᠡᠶᠢᠨ ᠬᠦ ᠮᠦᠡᠭᠭᠦᠨ ᠠᠶᠠᠭ᠎ᠠ ᠰᠠᠪᠬ᠎ᠠ ᠶᠢ ᠦᠷᠬᠦᠯᠵᠢ ᠡᠳ᠋ᠯᠡᠵᠤ ᠬᠡᠷᠡᠭᠯᠡᠬᠦ ᠨᠢ ᠬᠤᠳᠤᠭᠤᠳᠤ ᠬᠡᠳᠡᠰᠦ ᠶᠢ ᠠᠷᠢᠭᠤᠳᠬᠠᠨ ᠠᠯᠢᠪᠠ ᠡᠪᠡᠳᠴᠢᠨ ᠡᠬᠦᠰᠭᠡᠭᠴᠢ ᠨᠢᠶᠠᠨ ᠪᠢᠴᠢᠯ ᠡᠯᠧᠮᠧᠨ᠋ᠲ ᠢ ᠤᠰᠠᠳᠬᠠᠬᠤ ᠦᠢᠯᠡᠳᠦᠯ ᠲᠠᠢ ᠪᠠᠶᠢᠳᠠᠭ᠃ ᠲᠡᠭᠡᠪᠡᠯ ᠮᠦᠡᠭᠬᠦᠨ ᠤ ᠬᠤᠤᠷ ᠢ ᠲᠠᠨᠢᠬᠤ ᠦᠢᠯᠡᠳᠦᠯ ᠤᠨ ᠲᠠᠯ᠎ᠠ ᠪᠠᠷ ᠪᠢᠳᠡ ᠨᠡᠩ ᠴᠦ ᠠᠨᠳᠠᠬᠤ ᠦᠭᠡᠢ ᠰᠠᠶᠢᠨ ᠮᠡᠳᠡᠳᠡᠭ᠃ ᠡᠷᠳᠡ ᠦᠶ᠎ᠡ ᠠᠴᠠ ᠬᠦᠮᠦᠰ ᠭᠤᠤᠯᠳᠠᠭᠤ ᠮᠦᠡᠭᠬᠦᠨ ᠠᠶᠠᠭ᠎ᠠ ᠰᠠᠪᠬ᠎ᠠ᠂ ᠮᠦᠡᠭᠬᠦᠨ ᠰᠠᠪᠠ ᠰᠠᠭᠤᠯᠠᠭ᠎ᠠ ᠵᠡᠷᠭᠡ ᠶᠢ ᠬᠡᠷᠡᠭᠯᠡᠵᠤ᠂ ᠢᠳᠡᠭᠡᠨ ᠤᠮᠳᠠᠭᠠᠨ ᠳᠤ ᠬᠦᠷᠦᠯᠴᠡᠭᠰᠡᠨ ᠮᠦᠡᠭᠭᠦᠨ ᠤ ᠦᠡᠭᠭᠡ ᠬᠤᠪᠢᠷᠠᠪᠠᠯ ᠬᠤᠤᠷ ᠲᠠᠢ ᠭᠡᠵᠤ ᠰᠢᠯᠭᠠᠨ ᠲᠠᠨᠢᠳᠠᠭ ᠪᠠᠶᠢᠨ᠎ᠠ᠃ ᠲᠠᠭᠠᠤ ᠳᠤᠨᠢ ᠶᠠᠷᠢᠬᠤ ᠳᠤ᠂ ᠭᠤᠪᠢ ᠨᠤᠳᠤᠭ ᠲᠤ ᠤᠷᠤᠰᠢᠨ ᠠᠮᠢᠳᠤᠷᠠᠳᠠᠭ ᠬᠦᠮᠦᠰ ᠤᠰᠤᠨ ᠭᠠᠩ ᠤᠨ ᠢᠶᠠᠨ ᠢᠷᠤᠭᠠᠷ ᠲᠤ ᠬᠡᠰᠡᠭ ᠮᠦᠡᠭᠬᠦ ᠲᠠᠯᠪᠢᠳᠠᠭ᠃ ᠢᠡᠭᠬᠢᠵᠤ ᠮᠦᠡᠭᠬᠦ ᠬᠢᠭᠰᠡᠨ ᠢᠶᠠᠷ ᠵᠤᠨ ᠤ ᠬᠠᠯᠠᠭᠤᠨ ᠳᠤ ᠤᠰᠤ ᠨᠢ ᠦᠨᠦᠷ ᠤᠷᠤᠬᠤ ᠦᠭᠡᠢ ᠪᠠᠶᠢᠳᠠᠭ ᠭᠡᠨ᠎ᠡ᠃     ᠮᠦᠡᠭᠭᠦᠨ ᠤ ᠤᠯᠠᠨ ᠲᠠᠪᠠᠭᠤᠯᠢᠭ ᠴᠢᠨᠠᠷ ᠢ ᠠᠯᠢ ᠡᠷᠳᠡ ᠲᠠᠨᠢᠵᠤ ᠮᠡᠳᠡᠷᠡᠨ᠂ ᠠᠮᠢᠳᠤᠷᠠᠯ ᠠᠬᠤᠢ ᠳᠠᠭᠠᠨ ᠵᠤᠬᠢᠴᠠᠭᠤᠯᠤᠨ ᠬᠡᠷᠡᠭᠯᠡᠵᠤ ᠢᠷᠡᠭᠰᠡᠨ ᠨᠢ ᠪᠢᠳᠡᠨ ᠤ ᠡᠪᠦᠭᠡ ᠲᠡᠭᠡᠳᠦᠰ ᠤᠨ ᠭᠡᠭᠡᠨ ᠮᠡᠷᠭᠡᠨ ᠤᠢ ᠤᠬᠠᠭᠠᠨ ᠪᠤᠶᠤ᠃ ᠬᠡᠪᠡᠴᠦ ᠡᠨᠡ ᠬᠦ ᠤᠯᠠᠮᠵᠢᠯᠠᠯ ᠨᠢ ᠠᠯᠭᠤᠷ ᠠᠭᠠᠵᠢᠮ ᠢᠶᠠᠷ ᠭᠡᠭᠡᠭᠳᠡᠨ ᠤᠷᠬᠢᠭᠳᠠᠭᠰᠠᠭᠠᠷ ᠪᠠᠶᠢᠵᠤ᠂ ᠮᠦᠡᠭᠬᠦ ᠶᠢ ᠤᠤᠯ ᠰᠢᠬ ᠬᠦᠨᠳᠦᠳᠬᠡᠨ ᠦᠷᠭᠡᠨ ᠢᠶᠠᠷ ᠬᠡᠷᠡᠭᠯᠡᠬᠦ ᠦᠬᠡᠢ ᠪᠤᠯᠵᠠᠢ᠃ ᠡᠶᠢᠮᠦ ᠠᠴᠠ ᠮᠦᠡᠭᠭᠦᠨ ᠤ ᠦᠢᠯᠡᠳᠦᠯ ᠬᠡᠷᠡᠭᠴᠡᠭᠡ ᠶᠢ ᠰᠢᠨᠵᠢᠯᠡᠬᠦ ᠤᠬᠠᠭᠠᠨ ᠢᠶᠠᠷ ᠰᠤᠳᠤᠯᠤᠨ ᠰᠢᠨᠵᠢᠯᠡᠵᠤ᠂ ᠨᠡᠩ ᠤᠯᠠᠨ ᠬᠦᠮᠦᠰ ᠲᠤ ᠤᠶᠢᠢᠯᠠᠭᠠᠭᠤᠯᠤᠨ ᠲᠠᠨᠢᠭᠤᠯᠪᠠᠯ ᠵᠤᠬᠢᠰᠳᠠᠢ ᠶᠤᠮ᠃
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ