ᠴᠢᠪᠠᠭ᠎ᠠ ᠪᠤᠯ ᠡᠮᠡᠭᠳᠡᠢ ᠬᠦᠮᠦᠨ ᠤ ᠬᠠᠮᠤᠭ ᠤᠨ ᠰᠠᠶᠢᠨ ᠢᠳᠡᠭᠡᠨ
ᠨᠡᠶᠢᠲᠡᠯᠡᠭᠰᠡᠨ ᠴᠠᠭ᠄
2022/5/31
     ᠡᠮᠨᠡᠯᠭᠡ ᠶᠢᠨ ᠲᠤᠰᠬᠠᠢ ᠮᠡᠷᠭᠡᠵᠢᠯᠳᠡᠨ ᠤ ᠰᠠᠨᠠᠭᠤᠯᠬᠤ ᠪᠠᠷ᠂ ᠡᠮᠡᠭᠳᠡᠢ ᠬᠦᠮᠦᠨ ᠨᠢᠭᠡ ᠪᠡᠶᠡᠨ ᠳᠡᠭᠡᠨ ᠦᠷᠭᠦᠯᠵᠢ ᠴᠢᠪᠠᠭ᠎ᠠ ᠢᠳᠡᠬᠦ ᠬᠡᠷᠡᠭᠳᠡᠢ᠃ ᠴᠢᠪᠠᠭ᠎ᠠ ᠪᠣᠯ ᠡᠮᠡᠭᠳᠡᠢ ᠬᠦᠮᠦᠨ ᠤ ᠬᠠᠮᠤᠭ ᠤᠨ ᠰᠠᠶᠢᠨ ᠰᠢᠮ᠎ᠡ ᠲᠡᠵᠢᠭᠡᠯ ᠪᠠ ᠭᠤᠶᠤᠯᠠᠯ ᠤᠨ ᠵᠢᠮᠢᠰ ᠮᠦᠨ ᠭᠡᠵᠤ ᠪᠤᠢ᠃     ︿1︶ ᠴᠢᠪᠠᠭ᠎ᠠ ᠶᠢ ᠪᠤᠴᠠᠯᠤᠭᠰᠠᠨ ᠤᠰᠤᠨ ᠳᠤ ᠴᠢᠯᠡᠵᠤ ᠤᠰᠤ ᠢ ᠨᠢ ᠤᠤᠭᠤᠪᠠᠯ ᠡᠯᠢᠭᠡ ᠬᠤᠳᠤᠭᠠᠳᠤ ᠶᠢ ᠭᠠᠮᠨᠠᠶ᠋ᠵᠤ ᠪᠡᠶ᠎ᠡ ᠶᠢᠨ ᠬᠤᠤᠷ ᠢ ᠠᠷᠢᠯᠭᠠᠨ᠎ᠠ᠃     ︿2︶ ᠴᠢᠪᠠᠭ᠎ᠠ ᠶᠢ ᠯᠤᠤ ᠶᠢᠨ ᠨᠢᠳᠤ ᠲᠠᠢ᠂ ᠬᠦᠬᠡ ᠴᠠᠢ ᠲᠠᠢ ᠴᠤᠭ ᠴᠢᠯᠡᠵᠤ ᠤᠤᠭᠤᠪᠠᠯ ᠲᠠᠮᠢᠷ ᠲᠡᠩᠬᠡᠭᠡ ᠶᠢ ᠨᠡᠮᠡᠭᠳᠡᠬᠦᠯᠵᠤ ᠬᠤᠭᠤᠯᠠᠢ ᠪᠠᠭᠠᠯᠵᠠᠭᠤᠷ ᠲᠤ ᠰᠠᠶᠢᠨ᠃    ︿3︶ ᠴᠢᠪᠠᠭ᠎ᠠ ᠶᠢ ᠮᠦᠰᠦᠨ ᠰᠢᠬᠡᠷ᠂ ᠲᠤᠳᠤᠷᠭ᠎ᠠ ᠪᠤᠶᠤ ᠨᠠᠷᠢᠮᠤ ᠪᠤᠳᠠᠭ᠎ᠠ ᠲᠠᠢ ᠰᠢᠩᠬᠡᠨ ᠵᠤᠳᠠᠩ ᠪᠤᠯᠭᠠᠨ ᠴᠢᠨᠠᠵᠤ ᠢᠳᠡᠪᠡᠯ ᠠᠭᠤᠰᠬᠢᠨ ᠬᠠᠯᠠᠭᠤᠨ ᠢ ᠬᠦᠭᠡᠭᠡᠵᠤ ᠬᠠᠨᠢᠶᠠᠳᠤ ᠳᠤ ᠲᠤᠰᠠᠳᠠᠢ᠃    ︿4︶ ᠴᠢᠪᠠᠭ᠎ᠠ᠂ ᠯᠤᠤ ᠶᠢᠨ ᠨᠢᠳᠤ᠂ ᠤᠯᠠᠭᠠᠨ ᠰᠢᠬᠡᠷ᠂ ᠦᠨᠳᠡᠭᠡ ᠲᠠᠢ ᠴᠤᠭ ᠴᠢᠨᠠᠵᠤ ᠢᠳᠡᠪᠡᠯ ᠦᠩᠬᠡ ᠵᠢᠰᠤ ᠶᠢ ᠭᠤᠶᠤᠵᠢᠭᠤᠯᠬᠤ ᠦᠢᠯᠡᠳᠤᠯ ᠲᠠᠢ᠃     ︿5︶ ᠴᠢᠪᠠᠭ᠎ᠠ ᠶᠢ ᠠᠷᠢᠬᠢᠨ ᠳᠤ ᠲᠡᠪᠳᠤᠭᠡᠵᠤ ᠵᠤᠬᠢᠮᠵᠢᠳᠠᠢ ᠤᠤᠭᠤᠵᠤ ᠨᠢ ᠴᠢᠰᠤᠨ ᠡᠷᠭᠢᠯᠳᠡ ᠶᠢ ᠰᠠᠶᠢᠵᠢᠷᠠᠭᠤᠯᠵᠤ᠂ ᠬᠤᠳᠤᠭᠤᠳᠤ ᠬᠡᠲᠡᠰᠤ ᠶᠢ ᠭᠠᠮᠨᠠᠵᠤ ᠬᠠᠮᠠᠭᠠᠯᠠᠬᠤ ᠦᠢᠯᠡᠳᠦᠯ ᠲᠠᠢ ᠪᠠᠶᠢᠳᠠᠭ᠃
ᠢᠷᠡᠯᠲᠡ᠄ ᠠᠯᠠᠱᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠦᠨ