4 ᠰᠠᠷ᠎ᠠ ᠶᠢᠨ 28 ᠤ ᠡᠳᠦᠷ᠂ ᠤᠷᠠᠳ ᠤᠨ ᠡᠮᠦᠨᠡᠳᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠲᠠᠪᠤᠰᠤᠨ ᠨᠠᠭᠤᠷ ᠲᠤᠰᠬᠤᠨ ᠤ ᠪᠠᠷᠠᠭᠤᠨ | ᠡᠯᠡᠰᠦᠨ ᠲᠤᠬᠤᠢ ᠲᠤᠭᠤᠶᠢᠯᠠᠩ ᠤᠨ ᠮᠤᠳᠤ ᠲᠠᠷᠢᠬᠤ ᠲᠤᠬᠠᠢ ᠶᠢᠨ ᠭᠠᠵᠠᠷ ᠲᠤ ᠤᠷᠠᠳ ᠤᠨ ᠡᠮᠦᠨᠡᠳᠦ ᠬᠤᠰᠢᠭᠤᠨ ᠤ ᠮᠤᠨᠠ ᠠᠭᠤᠯᠠ ᠪᠠᠯᠭᠠᠰᠤ ᠶᠢᠨ | ᠪᠠᠶᠢᠭᠤᠯᠭ᠎ᠠ ᠨᠢᠬᠡᠴᠢ ᠂ ᠲᠠᠪᠤᠰᠤᠨ ᠨᠠᠭᠤᠷ ᠲᠤᠰᠬᠤᠨ ᠤ ᠨᠠᠮ ᠤᠨ ᠡᠬᠦᠷ᠂ ᠲᠤᠰᠬᠤᠨ ᠤ ᠵᠦᠪᠯᠡᠯ ᠤᠨ ᠨᠠᠮ ᠤᠨ ᠬᠡᠰᠢᠬᠦᠨ ᠺᠠᠳ᠋ᠷ ᠪᠤᠯᠤᠨ ᠵᠠᠯᠠᠭᠤ ᠰᠠᠶᠢᠨ | ᠲᠤᠷᠠᠴᠤᠳ ᠬᠠᠮᠳᠤ ᠪᠠᠷ ᠠᠯᠪᠠᠨ ᠵᠢᠷᠤᠮ ᠤᠨ ᠮᠤᠳᠤ ᠲᠠᠷᠢᠬᠤ ᠠᠵᠢᠯᠠᠯᠭ᠎ᠠ ᠦᠷᠨᠢᠬᠦᠯᠪᠡ᠃ | ᠪᠤᠷᠤᠭᠠᠨ ᠤ ᠲᠠᠷᠠᠭᠠᠬᠢ ᠭᠠᠵᠠᠷ ᠱᠠᠯᠪᠠᠭ ᠱᠠᠯᠴᠢᠭ ᠪᠤᠯᠤᠭᠰᠠᠨ ᠪᠤᠯᠪᠠᠴᠤ ᠬᠦᠮᠦᠰ ᠤᠨ ᠮᠤᠳᠤ ᠲᠠᠷᠢᠬᠤ ᠤᠷᠮᠠᠰᠢᠯ ᠢ ᠵᠢᠭᠠᠬᠠᠨ ᠴᠤ ᠨᠦᠯᠦᠬᠡᠯᠡᠭᠰᠡᠨ ᠦᠬᠡᠢ᠂ | ᠬᠦᠮᠦᠰ ᠲᠠᠪᠤ ᠭᠤᠷᠪᠠ ᠪᠠᠷ ᠨᠢᠬᠡ ᠲᠤᠭᠤᠶᠢᠯᠠᠩ ᠪᠤᠯᠵᠤ᠂ ᠵᠠᠷᠢᠮ ᠨᠢ ᠨᠦᠬᠡ ᠮᠠᠯᠳᠠᠵᠤ ᠵᠠᠷᠢᠮ ᠨᠢ ᠰᠢᠷᠤᠢ ᠨᠠᠮᠠᠵᠦ᠂ ᠪᠠᠰᠠ ᠵᠠᠷᠢᠮ ᠨᠢ ᠰᠢᠷᠤᠢ ᠪᠠᠨ | ᠬᠠᠳᠠᠭᠤᠵᠢᠭᠤᠯᠤᠨ ᠬᠢᠰᠬᠢᠵᠦ ᠶᠠᠭᠠᠷᠠᠯᠳᠤᠨ᠎ᠠ᠃ ᠤᠯᠠᠨ ᠤ ᠬᠠᠮᠳᠤ ᠶᠢᠨ ᠴᠢᠷᠮᠠᠶᠢᠯᠭ᠎ᠠ ᠪᠠᠷ ᠲᠤᠰ ᠡᠳᠦᠷ ᠲᠤ 300 ᠭᠠᠷᠤᠢ ᠮᠤ᠋᠂ 5000 ᠭᠠᠷᠤᠢ ᠰᠠᠭᠤᠷᠢ | ᠬᠢᠳᠡᠨ ᠤ ᠠᠮᠳᠠᠳᠤ ᠵᠢᠮᠢᠰ ᠤᠨ ᠮᠤᠳᠤ ᠨᠢᠬᠡ ᠨᠢᠬᠡ ᠮᠦᠷ ᠢᠶᠠᠷ ᠡᠯᠡᠰᠦᠨ ᠨᠤᠳᠤᠭ ᠲᠤ ᠵᠢᠭᠳᠡᠷᠠᠨ ᠪᠤᠰᠤᠭᠰᠠᠨ ᠪᠠᠶᠢᠨ᠎ᠠ᠃ | ᠲᠤᠰ ᠤᠳᠠᠭ᠎ᠠ ᠶᠢᠨ ᠰᠢᠨ᠎ᠠ ᠴᠠᠭ ᠦᠶ᠎ᠡ ᠶᠢᠨ ᠪᠤᠯᠪᠠᠰᠤᠨ ᠤ ᠦᠢᠯᠡᠳᠦᠯᠬᠡ ᠶᠢᠨ ᠰᠠᠶᠢᠨ ᠲᠤᠷ᠎ᠠ ᠶᠢᠨ ᠠᠵᠢᠯᠯᠠᠭ᠎ᠠ ᠨᠢ ᠤᠯᠠᠨ ᠤ ᠨᠤᠳᠤᠭ ᠤᠰᠤ ᠪᠠᠨ | ᠨᠤᠭᠤᠭᠠᠷᠠᠭᠤᠯᠬᠤ ᠤᠬᠠᠮᠰᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠨ ᠰᠠᠶᠢᠨ ᠰᠠᠶᠢᠬᠠᠨ ᠲᠦᠷᠰᠦ ᠪᠠᠶᠢᠳᠠᠯ ᠢ | ᠢᠯᠡᠷᠡᠬᠦᠯᠵᠦ᠂ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ ᠪᠠ ᠬᠡᠷ ᠤᠷᠤᠨ ᠢᠶᠠᠨ ᠭᠤᠶᠤᠵᠢᠭᠤᠯᠬᠤ ᠬᠠᠷᠢᠭᠤᠴᠠᠯᠭᠠᠳᠤ ᠰᠡᠳᠬᠢᠯᠬᠡ ᠡᠬᠦᠷᠭᠡᠳᠦ ᠪᠤᠳᠤᠯ | ᠢ ᠪᠦᠳᠦᠮᠵᠢᠳᠡᠢ ᠴᠢᠩᠭᠠᠳᠬᠠᠭᠰᠠᠨ ᠪᠠᠶᠢᠨ᠎ᠠ᠃ |