ᠤᠶᠢᠷ᠎ᠠ ᠶᠢᠨ ᠵᠢᠯ ᠳᠤ᠂ ᠶᠡᠭᠡ ᠰᠢᠬᠡᠳᠡᠢ ᠪᠠᠯᠭᠠᠰᠤ ᠶᠢᠨ ᠨᠠᠮ ᠤᠨ ᠬᠤᠷᠢᠶ᠎ᠠ ᠨᠢ ᠪᠦᠬᠦ ᠪᠠᠯᠭᠠᠰᠣᠨ ᠤ ᠲᠠᠷᠢᠮᠠᠯ ᠤᠨ ᠦᠢᠯᠡᠰ ᠤᠨ ᠴᠢᠭᠯᠡᠯ ᠢᠶᠠᠨ | ᠬᠤᠪᠢᠷᠠᠭᠤᠯᠬᠤ ᠪᠦᠳᠦᠴᠡ ᠶᠢ ᠲᠤᠬᠢᠷᠠᠭᠤᠯᠬᠤ ᠠᠵᠢᠯ ᠢ ᠢᠳᠡᠪᠬᠢᠳᠡᠢ ᠠᠬᠢᠭᠤᠯᠵᠤ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠲᠠᠰᠤᠷᠠᠯᠳᠠ ᠦᠬᠡᠢ | ᠲᠡᠭᠡᠭᠰᠢᠯᠡᠬᠦᠯᠵᠦ᠂ ᠪᠤᠭᠤᠳᠠᠢ ᠯᠠᠵᠤᠤ ᠵᠡᠷᠭᠡ ᠬᠤᠭᠤᠴᠠᠭ᠎ᠠ ᠨᠢ ᠤᠬᠤᠷ ᠡᠷᠳᠡ ᠶᠢᠨ ᠲᠠᠷᠢᠮᠠᠯ ᠢ ᠶᠡᠬᠡᠪᠡᠷ ᠬᠦᠭᠵᠢᠬᠦᠯᠵᠦ᠂ ᠤᠨᠴᠠᠯᠢᠭᠳᠤ ᠠᠵᠤ ᠦᠢᠯᠡᠰ ᠢᠶᠠᠷ ᠠᠵᠤ | ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠳᠤ ᠠᠰᠢᠭᠳᠠᠢ ᠲᠦᠯᠬᠢᠴᠡ ᠬᠦᠴᠦᠨ ᠪᠤᠯᠭᠠᠵᠤ᠂ ᠰᠢᠯᠢᠳᠡᠭ ᠪᠤᠭᠤᠳᠠᠢ ᠶᠢᠨ ᠲᠠᠷᠢᠮᠠᠯ ᠢᠶᠠᠷ ᠣᠰᠣ ᠠᠷᠪᠢᠯᠠᠬᠤ | ᠠᠮᠤ ᠪᠤᠳᠠᠭ᠎ᠠ ᠶᠢ ᠲᠤᠭᠳᠠᠪᠤᠷᠢᠵᠢᠭᠤᠯᠬᠤ ᠤᠨᠴᠠᠯᠢᠭᠳᠤ ᠠᠷᠪᠢᠵᠢᠯ ᠤᠨ ᠴᠢᠨᠠᠷᠳᠠᠢ ᠠᠵᠤ ᠦᠢᠯᠡᠰ ᠪᠤᠯᠭᠠᠪᠠ᠃ | ᠲᠠᠷᠢᠶᠠᠴᠢᠳ ᠤᠨ ᠰᠢᠯᠢᠳᠡᠭ ᠢ ᠲᠤᠬᠢᠷᠠᠭᠤᠯᠬᠤ ᠢᠳᠡᠪᠬᠢᠵᠢᠯ ᠢ ᠤᠷᠮᠠᠰᠢᠭᠤᠯᠬᠤ ᠶᠢᠨ ᠲᠦᠯᠦᠬᠡ ᠶᠡᠭᠡ ᠰᠢᠬᠡᠳᠡᠢ ᠪᠠᠯᠭᠠᠰᠤ ᠶᠢᠨ ᠡᠯ᠎ᠡ ᠲᠤᠰᠬᠤᠨ ᠤ ᠨᠠᠮ ᠤᠨ | ᠡᠭᠦᠷ ᠨᠢ ︿︿ ᠨᠠᠮ ᠤᠨ ᠡᠭᠦᠷ+ ᠬᠤᠷᠰᠢᠶᠠᠵᠢᠯ+ ᠲᠠᠷᠢᠶᠠᠴᠢᠨ ᠡᠷᠦᠬᠡ﹀﹀ ᠶᠢᠨ ᠬᠦᠭᠵᠢᠯᠳᠡ ᠶᠢᠨ ᠵᠠᠭᠪᠤᠷ ᠢ ᠰᠦᠪᠡᠭᠴᠢᠯᠠᠨ᠂ ᠨᠠᠮ ᠤᠨ ᠬᠡᠰᠢᠬᠦᠨ ᠵᠢᠱᠢᠶᠡᠴᠢ | ᠦᠢᠯᠡᠳᠦᠯ ᠢᠶᠠᠨ ᠪᠠᠳᠠᠷᠠᠭᠤᠯᠵᠤ᠂ ᠤᠯᠠᠨ ᠲᠦᠮᠡᠨ ᠢ ᠲᠠᠭᠠᠭᠤᠯᠤᠨ ᠪᠤᠭᠤᠳᠠᠢ ᠲᠠᠷᠢᠬᠤ ᠲᠠᠯᠠᠪᠠᠢ ᠶᠢ ᠦᠷᠭᠡᠳᠬᠡᠨ᠂ ᠨᠠᠮ ᠤᠨ ᠡᠬᠦᠷ ᠪᠠ ᠲᠤᠰᠬᠤᠨ ᠤ ᠵᠦᠪᠯᠡᠯ ᠨᠢ | ᠠᠷᠠᠳ ᠢᠶᠠᠨ ᠬᠦᠳᠦᠯᠦᠨ ᠲᠠᠭᠠᠭᠤᠯᠵᠤ᠂ ᠵᠠᠬᠢᠶᠠᠯᠠᠭ᠎ᠠ ᠶᠢᠨ ᠠᠮᠤ ᠪᠤᠳᠠᠭ᠎ᠠ᠂ ᠭᠠᠵᠠᠷ ᠰᠢᠷᠤᠢ ᠶᠢ ᠨᠠᠶᠢᠳᠠᠨ ᠬᠠᠮᠢᠶᠠᠷᠬᠤ᠂ ᠭᠠᠵᠠᠷ ᠰᠢᠷᠤᠢ ᠶᠢ ᠰᠢᠯᠵᠢᠬᠦᠯᠬᠦ ᠠᠷᠭ᠎ᠠ | ᠪᠠᠷ ᠲᠤᠰᠬᠠᠶᠢᠵᠢᠭᠰᠠᠨ ᠨᠡᠶᠢᠬᠡᠮ ᠤᠨ ᠦᠢᠯᠡᠴᠢᠯᠡᠭᠡ ᠦᠷᠨᠢᠬᠦᠯᠵᠦ᠂ ᠠᠭᠤᠯᠠᠨ ᠲᠤᠳᠤᠷᠠᠬᠢ ᠠᠳᠠᠷᠰᠢᠭᠰᠠᠨ ᠭᠠᠵᠠᠷ ᠲᠤ ᠲᠠᠬᠢᠨ ᠪᠤᠭᠤᠳᠠᠢ ᠲᠠᠷᠢᠬᠤ᠂ ᠬᠤᠵᠢᠷᠯᠢᠭ | ᠭᠠᠵᠠᠷ ᠢ ᠵᠠᠰᠠᠵᠤ ᠰᠢᠷᠤᠢ ᠤᠷᠤᠭᠤᠯᠬᠤ᠂ ᠨᠦᠬᠡ ᠭᠠᠩᠭ᠎ᠠ ᠶᠢ ᠲᠡᠭᠰᠢᠯᠡᠬᠦ ᠵᠡᠷᠭᠡ ᠠᠷᠭ᠎ᠠ ᠪᠠᠷ ᠪᠤᠭᠤᠳᠠᠢ ᠲᠠᠷᠢᠵᠠᠢ᠃ | ᠶᠡᠭᠡ ᠰᠢᠬᠡᠳᠡᠢ ᠪᠠᠯᠭᠠᠰᠤ ᠶᠢᠨ ᠨᠠᠮ ᠤᠨ ᠬᠤᠷᠢᠶ᠎ᠠ ᠨᠢ ᠲᠤᠰᠬᠤᠨ ᠢ ᠲᠠᠭᠠᠭᠠᠴᠢᠯᠠᠬᠤ ᠬᠡᠰᠡᠭ ᠲᠠᠭᠠᠭᠠᠴᠢᠯᠠᠬᠤ ᠠᠵᠢᠯᠯᠠᠬᠤ ᠲᠤᠭᠤᠶᠢᠯᠠᠩ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠠᠩᠭᠢ ᠶᠢᠨ ᠦᠢᠯᠡᠳᠦᠯ ᠢ ᠦᠷᠬᠦᠯᠵᠢᠯᠡᠨ ᠪᠠᠳᠠᠷᠠᠭᠤᠯᠵᠤ᠂ ᠤᠳᠤᠷᠢᠳᠤᠯᠭ᠎ᠠ ᠨᠢᠬᠡᠳᠦᠯᠳᠡᠢ ᠲᠦᠯᠦᠪᠵᠢᠬᠦᠯᠦᠨ ᠵᠤᠬᠢᠴᠠᠭᠤᠯᠵᠤ᠂ | ᠲᠤᠰᠬᠤᠨ ᠢ ᠲᠠᠭᠠᠭᠠᠴᠢᠯᠠᠬᠤ ᠺᠠᠳ᠋ᠷ ᠱᠠᠯᠠᠪᠳᠠᠭᠤᠯᠤᠨ ᠵᠢᠯᠤᠭᠤᠳᠴᠤ᠂ ᠲᠤᠰᠬᠤᠨ ᠲᠤᠭᠤᠶᠢᠯᠠᠩ ᠤᠨ ᠺᠠᠳ᠋ᠷ ᠲᠠᠯᠠᠪᠠᠢ ᠶᠢᠨ ᠨᠠᠶᠢᠳᠠᠪᠤᠷᠢᠵᠢᠯᠳᠠ ᠶᠢ ᠠᠳᠬᠤᠬᠤ | ᠠᠷᠭ᠎ᠠ ᠪᠠᠷ ᠡᠯ᠎ᠡ ᠲᠤᠰᠬᠤᠨ ᠤ ᠨᠠᠮ ᠤᠨ ᠡᠬᠦᠷ ᠨᠢ ᠪᠤᠭᠤᠳᠠᠢ ᠯᠠᠵᠤᠤ ᠨᠠᠷᠠᠨ ᠬᠤᠸᠠᠷ ᠵᠡᠷᠭᠡ ᠲᠠᠷᠢᠮᠠᠯ ᠢᠶᠠᠷ ᠲᠠᠷᠢᠮᠠᠯ ᠤᠨ ᠪᠦᠳᠦᠴᠡ ᠶᠢ ᠲᠤᠬᠢᠷᠠᠭᠤᠯᠬᠤ ᠭᠤᠤᠯ | ᠰᠢᠪᠳᠤᠯᠤᠯᠳᠠ ᠶᠢᠨ ᠴᠢᠭᠯᠡᠯ ᠪᠤᠯᠭᠠᠵᠤ᠂ ᠠᠮᠤ ᠪᠤᠳᠠᠭᠠᠨ ᠤ ᠲᠠᠯᠠᠪᠠᠢ ᠶᠢ ᠡᠷᠴᠢᠮᠵᠢᠯ ᠤᠨ ᠴᠢᠨᠠᠷᠳᠠᠢ ᠵᠢᠭᠠᠯᠳᠠ ᠲᠤᠭ᠎ᠠ ᠪᠤᠯᠭᠠᠵᠤ᠂ ᠠᠮᠤ ᠪᠤᠳᠠᠭᠠᠨ ᠤ ᠲᠠᠷᠢᠮᠠᠯ | ᠤᠨ ᠲᠠᠯᠠᠪᠠᠢ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠬᠡᠢ ᠪᠠᠶᠢᠵᠤ᠂ ᠠᠮᠤ ᠪᠤᠳᠠᠭ᠎ᠠ ᠶᠢ ᠲᠤᠭᠳᠠᠭᠤᠨ ᠤ ᠲᠤᠮᠳᠠ ᠨᠡᠮᠡᠭᠳᠡᠯ ᠲᠠᠢ ᠪᠤᠯᠭᠠᠪᠠ᠃ |