ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ ᠳᠡᠭᠡᠭᠰᠢᠯᠡᠬᠦᠯᠦᠨ᠂ ᠪᠥᠬᠦ ᠠᠷᠠᠳ ᠤᠨ ᠡᠭᠡᠯᠢᠯᠡᠭᠡ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ ᠬᠤᠰᠢᠭᠤᠨ ᠤ ᠮᠢᠩᠭᠠᠨ ᠪᠠᠯᠭᠠᠰᠣ ᠶᠢᠨ ᠺᠠᠳ᠋ᠷ ᠠᠵᠢᠯᠲᠠᠳ ᠣᠷᠣᠨ ᠰᠠᠭᠤᠴᠠ ᠨᠢ | ᠪᠤᠶᠢᠳᠠ ᠪᠦᠭᠯᠡᠭᠦᠦ᠂ ᠬᠠᠷᠠᠭᠠᠯᠵᠠᠬᠤ ᠬᠥᠮᠦᠨ ᠥᠬᠡᠶ ᠪᠤᠶᠤ ᠬᠥᠯ ᠭᠠᠷ ᠨᠢ ᠳᠥᠭᠦᠮ ᠦᠭᠡᠢ ᠠᠴᠠ ᠪᠣᠯᠵᠣ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠢ ᠴᠠᠭ ᠲᠤᠬᠠᠶ ᠳᠤᠨᠢ ᠳᠠᠷᠢᠵᠤ ᠲᠡᠶᠢᠯᠦᠭᠰᠡᠨ ᠥᠬᠡᠶ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ︽ᠰᠠᠭᠠᠳ | ᠥᠬᠡᠶ ᠨᠡᠪᠲᠡᠷᠡᠬᠦ ᠵᠠᠮ︾ ᠢ ᠨᠡᠭᠡᠭᠡᠵᠦ᠂ ᠸᠠᠺᠼᠢᠨ ᠤ ᠲᠠᠷᠢᠯᠭ᠎ᠠ ᠬᠢᠬᠦ ︽ᠡᠴᠦᠰ ᠤᠨ ᠨᠢᠭᠡ ᠮᠧᠲᠷ︾ ᠢ ᠲᠦᠢᠯᠪᠤᠷᠢᠲᠠᠶ ᠨᠡᠪᠲᠡᠷᠡᠭᠦᠯᠪᠡ᠃ | ᠲᠣᠰ ᠤᠳᠠᠭᠠᠨ ᠤ ᠠᠵᠢᠯᠯᠠᠭᠠᠨ ᠲᠣᠮᠳᠠ᠂ ᠣᠷᠠᠳ ᠤᠨ ᠡᠮᠦᠨᠡᠲᠤ ᠬᠤᠰᠢᠭᠤᠨ ᠤ ᠮᠢᠩᠭᠠᠨ ᠪᠠᠯᠭᠠᠰᠣ ᠶᠢᠨ ᠬᠢᠨ ᠲᠣᠬᠠᠢ ᠶᠢᠨ ᠭᠠᠵᠠᠷ ᠤᠨ ᠨᠠᠰᠣᠲᠠᠶᠢᠴᠣᠳ | ᠤᠨ ᠲᠠᠷᠢᠯᠭ᠎ᠠ ᠶᠢᠨ ᠠᠬᠢᠴᠠ ᠶᠢᠨ ᠪᠠᠶᠢᠳᠠᠯ ᠢ ᠤᠶᠢᠯᠠᠭᠠᠨ᠂ ᠪᠣᠳᠠᠲᠤ ᠪᠠᠶᠢᠳᠠᠯ ᠢ ᠦᠨᠳᠦᠰᠦᠯᠡᠨ ᠤᠷᠢᠳᠴᠢᠯᠠᠨ ᠠᠵᠢᠯ ᠢᠶᠠᠨ ᠪᠠᠶᠢᠷᠢᠯᠠᠭᠤᠯᠵᠤ᠂ ᠪᠠᠯᠭᠠᠰᠤᠨ ᠠᠴᠠ | ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠢᠳᠡᠪᠬᠢᠲᠡᠢ ᠵᠤᠯᠭᠠᠯᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠨᠡᠭᠦᠳᠡᠯ ᠲᠠᠷᠢᠯᠭ᠎ᠠ ᠶᠢᠨ | ᠠᠩᠬᠢ ᠶᠢ ᠪᠠᠶᠢᠭᠤᠯᠪᠠ᠃ ᠡᠮᠴᠢ ᠰᠣᠪᠢᠯᠠᠭᠴᠢᠳ ᠨᠠᠰᠣᠲᠠᠶᠢᠴᠣᠳ ᠤᠨ ᠬᠡᠷ ᠲᠤ ᠬᠦᠷᠬᠦ ᠪᠦᠷᠢ᠂ ᠲᠡᠳᠡᠨ ᠤ ᠪᠡᠶ᠎ᠡ ᠶᠢᠨ ᠪᠠᠶᠢᠳᠠᠯ᠂ ᠥᠩᠭᠡᠷᠡᠭᠰᠡᠨ ᠤ | ᠡᠪᠡᠳᠴᠢᠨ ᠤ ᠲᠡᠦᠬᠡ ᠪᠣᠯᠤᠨ ᠡᠳᠦᠷ ᠲᠤᠲᠤᠮ ᠤᠨ ᠡᠮ ᠬᠡᠷᠡᠭᠯᠡᠵᠦ ᠪᠠᠶᠢᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠲᠤᠬᠠᠶ ᠶᠢᠨ ᠲᠠᠯᠠᠪᠠᠶ ᠶᠢᠨ | ᠪᠠᠶᠢᠴᠠᠭᠠᠯᠲᠠ ᠪᠠᠷ ᠳᠠᠮᠵᠢᠭᠤᠯᠤᠨ᠂ ᠶᠡᠷᠦᠩᠬᠡᠶᠢᠯᠡᠭᠰᠡᠨ ᠪᠠᠶᠢᠳᠠᠯ ᠠᠴᠠ ᠨᠢ ᠨᠠᠰᠣᠲᠠᠶᠢᠴᠣᠳ ᠲᠤ ᠸᠠᠺᠼᠢᠨ ᠤ ᠲᠠᠷᠢᠯᠭ᠎ᠠ ᠬᠢᠵᠦ ᠪᠣᠯᠬᠤ ᠡᠰᠡᠬᠦ ᠶᠢ ᠮᠠᠭᠠᠳᠯᠠᠨ | ᠲᠣᠭᠲᠠᠭᠠᠵᠤ᠂ ᠲᠠᠷᠢᠯᠭ᠎ᠠ ᠶᠢᠨ ᠪᠠᠷᠢᠮᠵᠢᠶ᠎ᠠ ᠳᠤ ᠨᠡᠶᠢᠴᠡᠭᠰᠡᠳ ᠲᠤ ᠸᠠᠺᠼᠢᠨ ᠤ ᠲᠠᠷᠢᠯᠭ᠎ᠠ ᠳᠠᠷᠢᠵᠤ ᠦᠭᠭᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠣᠷᠠᠳ ᠤᠨ ᠡᠮᠦᠨᠡᠲᠤ ᠬᠤᠰᠢᠭᠤᠨ ᠤ ᠮᠢᠩᠭᠠᠨ ᠪᠠᠯᠭᠠᠰᠤᠨ ᠳᠤ 80 ᠨᠠᠰᠤᠨ ᠠᠴᠠ ᠳᠡᠭᠡᠭᠰᠢᠬᠢ ᠨᠠᠰᠣᠲᠠᠢ ᠬᠦᠮᠦᠨ 120 ᠪᠠᠶᠢᠵᠤ᠂ | 71 ᠨᠠᠰᠣᠲᠠᠢ ᠬᠦᠮᠦᠨ ᠨᠢ ᠸᠠᠺᠼᠢᠨ ᠤ ᠲᠠᠷᠢᠯᠭ᠎ᠠ ᠪᠠᠨ ᠨᠢᠭᠡᠨᠲᠠ ᠲᠠᠷᠢᠭᠤᠯᠣᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠪᠠᠯᠭᠠᠰᠤ ᠦᠷᠭᠦᠯᠵᠢᠯᠡᠨ | ᠠᠵᠢᠯ ᠤᠨ ᠬᠠᠷᠢᠭᠤᠴᠠᠯᠭ᠎ᠠ ᠪᠠᠨ ᠦᠨᠡᠨ ᠬᠦ ᠪᠣᠳᠠᠲᠠᠶᠢᠵᠢᠭᠤᠯᠵᠤ᠂ ᠺᠠᠳ᠋ᠷ ᠤᠨ ᠲᠤᠤᠷᠴᠢᠯᠠᠭᠰᠠᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠸᠠᠺᠼᠢᠨ ᠤ ᠲᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠸᠠᠺᠼᠢᠨ ᠤ ᠲᠠᠷᠢᠯᠭ᠎ᠠ ᠶᠢᠨ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ | ᠪᠡᠶᠡᠯᠡᠬᠦᠯᠬᠦ ᠪᠠᠷ ᠪᠠᠶᠢᠨ᠎ᠠ᠃ |