ᠬᠥᠩ ᠲᠢᠶᠠᠨ ᠲᠣᠰᠬᠤᠨ ᠲᠠᠪᠤᠨ ᠰᠠᠯᠠᠭ᠎ᠠ ᠰᠤᠪᠠᠭ ᠤᠨ ᠤᠰᠤ ᠬᠠᠩᠭᠠᠬᠤ ᠭᠠᠵᠠᠷ ᠤᠨ ᠴᠢᠨᠠᠷ ᠰᠠᠶᠢᠲᠠᠶ ᠦᠢᠯᠡᠴᠢᠯᠡᠭᠡ ᠶᠢ ᠮᠠᠭᠲᠠᠨ ᠰᠠᠶᠢᠰᠢᠶᠠᠪᠠ
ᠨᠡᠶᠢᠲᠡᠯᠡᠭᠰᠡᠨ ᠴᠠᠭ᠄
2022/5/5
    ᠣᠶᠢᠷ᠎ᠠ ᠳᠤ᠂  ᠣᠷᠠᠳ ᠤᠨ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤᠨ ᠤ ᠬᠥᠩ ᠲᠢᠶᠠᠨ  ᠲᠣᠰᠬᠤᠨ ᠤ ᠨᠠᠮ ᠤᠨ ᠡᠭᠦᠷ ᠤᠨ ᠱᠦᠵᠢ ᠶᠠᠩ ᠬᠤᠩ  ︽ᠰᠢᠨ᠎ᠡ ᠤᠰᠤᠨ ᠠᠰᠢᠭᠯᠠᠯᠲᠠ ᠳᠤ ᠣᠷᠣᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠎ᠠ︾᠂ ︽ᠤᠰᠤ ᠲᠦᠮᠡᠨ ᠡᠷᠦᠬᠡ ᠶᠢ ᠤᠮᠳᠠᠯᠠᠵᠤ᠂ ᠡᠬᠡᠯ ᠠᠷᠠᠳ ᠲᠠᠢ ᠰᠡᠳᠬᠢᠯ ᠵᠢᠷᠦᠬᠡ ᠪᠠᠨ ᠬᠤᠯᠪᠣᠨ᠎ᠠ︾᠂ ︽ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠷᠠᠳ ᠲᠦᠮᠡᠨ ᠳᠤ ᠦᠢᠯᠡᠴᠢᠯᠡᠨ᠎ᠡ︾᠂ ︽ᠠᠮᠢ ᠪᠡᠶ᠎ᠡ ᠪᠠᠨ ᠵᠣᠷᠢᠭᠤᠯᠵᠤ᠂ ᠪᠣᠳᠠᠲᠠᠶ ᠶᠢ ᠡᠷᠬᠢᠮᠯᠡᠬᠦ︾  ᠬᠡᠮᠡᠬᠦ ᠦᠰᠦᠭ ᠲᠠᠢ ᠫᠠᠶᠢᠰᠠ ᠶᠢ ᠲᠠᠪᠤᠨ ᠰᠠᠯᠠᠭ᠎ᠠ ᠰᠤᠪᠠᠭ ᠤᠨ ᠤᠰᠤ ᠬᠠᠩᠭᠠᠬᠤ ᠭᠠᠵᠠᠷ ᠤᠨ ᠬᠡᠰᠡᠭ ᠺᠠᠳ᠋ᠷ ᠠᠵᠢᠯᠲᠠᠨ ᠤ ᠭᠠᠷ ᠲᠤ ᠬᠦᠷᠭᠡᠵᠦ᠂ ᠲᠣᠰ ᠭᠠᠵᠠᠷ ᠤᠨ ᠺᠠᠳ᠋ᠷ ᠠᠵᠢᠯᠲᠠᠨ ᠤ ᠤᠰᠤᠯᠠᠯᠲᠠ ᠶᠢᠨ ᠡᠷᠦᠬᠡ ᠳᠤ ᠰᠢᠯᠢᠳᠡᠭ ᠦᠢᠯᠡᠴᠢᠯᠡᠭᠡ ᠬᠠᠩᠭᠠᠭᠰᠠᠨ ᠳᠤ ᠲᠠᠯᠠᠷᠬᠠᠵᠤ ᠪᠠᠶᠢᠬᠤ  ᠰᠡᠳᠬᠢᠯᠭᠡ ᠪᠠᠨ ᠢᠯᠡᠳᠬᠡᠪᠡ᠃     ᠲᠠᠪᠣᠨ ᠰᠠᠯᠠᠭ᠎ᠠ ᠰᠤᠪᠠᠭ ᠤᠨ ᠤᠰᠤ ᠬᠠᠩᠭᠠᠬᠤ ᠭᠠᠵᠠᠷ ᠤᠨ ᠬᠤᠶᠠᠳᠤᠭᠠᠷ ᠬᠠᠭᠠᠯᠲᠠ ᠶᠢᠨ ᠬᠡᠰᠡᠭ᠂ ᠬᠥᠪᠡᠭᠡ ᠰᠤᠪᠠᠭ ᠤᠨ ᠬᠡᠰᠡᠭ᠂ ᠭᠤᠷᠪᠠ ᠳᠥᠷᠪᠡᠨ ᠰᠠᠯᠪᠤᠷᠢ ᠬᠡᠰᠡᠭ ᠨᠢ ᠬᠥᠩ ᠲᠢᠶᠠᠨ ᠲᠣᠰᠬᠤᠨ ᠤ 15 ᠲᠣᠰᠬᠤᠨ ᠤ ᠠᠷᠠᠳ ᠤᠨ ᠳᠤᠭᠤᠶᠢᠯᠠᠩ ᠤᠨ 7 . 77 ᠲᠦᠮᠡᠨ ᠮᠥ ᠤᠰᠤᠯᠠᠯᠲᠠ ᠶᠢᠨ ᠡᠭᠦᠷᠭᠡ ᠳᠤ ᠦᠢᠯᠡᠴᠢᠯᠡᠵᠦ ᠪᠣᠶ᠃ ᠣᠣᠯ ᠨᠢ ᠬᠦᠩ ᠲᠢᠶᠠᠨ ᠲᠣᠰᠬᠤᠨ 30 ᠰᠢᠬᠠᠮ ᠵᠢᠯ ᠤᠨ ᠲᠤᠷᠰᠢ ᠪᠦᠬᠦ ᠲᠣᠰᠬᠤᠨ ᠢᠶᠠᠷ ᠢᠶᠠᠨ ᠨᠠᠮᠤᠷ ᠤᠨ ᠤᠰᠤᠯᠠᠯᠲᠠ ᠬᠢᠳᠡᠭ ᠦᠭᠡᠢ ᠪᠠᠶᠢᠪᠠ᠃ ᠡᠨᠡᠬᠦ ᠪᠠᠶᠢᠳᠠᠯ ᠢ ᠬᠤᠪᠢᠷᠠᠭᠤᠯᠬᠤ ᠶᠢᠨ ᠲᠦᠯᠦᠭᠡ ᠲᠠᠪᠣᠨ ᠰᠠᠯᠠᠭ᠎ᠠ ᠶᠢᠨ ᠬᠡᠰᠡᠭ ᠺᠠᠳ᠋ᠷ ᠠᠵᠢᠯᠲᠠᠨ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠲᠠᠷᠢᠮᠠᠯ ᠤᠨ ᠪᠦᠲᠦᠴᠡ ᠪᠠ ᠲᠠᠯᠠᠪᠠᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠰᠤᠯᠠᠯᠲᠠ ᠶᠢᠨ ᠣᠷᠣᠨ ᠤ ᠣᠯᠠᠨ ᠲᠦᠮᠡᠨ ᠤ ᠪᠣᠳᠠᠲᠠᠶ ᠬᠡᠷᠡᠭᠴᠡᠭᠡ ᠶᠢ ᠦᠨᠳᠣᠰᠣᠯᠡᠨ᠂ ᠤᠰᠤ ᠬᠠᠩᠭᠠᠬᠤ ᠭᠠᠵᠠᠷ ᠤᠨ ᠤᠳᠤᠷᠢᠳᠬᠤ ᠪᠠᠭ ᠲᠠᠢ ᠢᠳᠡᠪᠬᠢᠲᠡᠶ ᠪᠠᠷ ᠬᠥᠳᠡᠯᠦᠯᠴᠡᠵᠦ᠂ ᠤᠰᠤᠯᠠᠯᠲᠠ ᠶᠢᠨ ᠣᠷᠣᠨ ᠤ ᠲᠠᠷᠢᠶᠠᠴᠢᠳ ᠤᠨ ᠲᠠᠷᠢᠮᠠᠯ ᠤᠨ ᠪᠦᠲᠦᠴᠡ ᠪᠠᠨ ᠲᠣᠬᠢᠷᠠᠭᠤᠯᠬᠤ ᠳᠤ ᠨᠢ ᠰᠠᠭᠤᠷᠢ ᠲᠠᠯᠪᠢᠵᠤ  ᠦᠭᠭᠦᠭᠰᠡᠨ ᠠᠴᠠ ᠣᠶᠢᠷ᠎ᠠ ᠶᠢᠨ ᠵᠢᠯ ᠠᠴᠠ ᠲᠡᠳᠡᠨ ᠤ ᠦᠢᠯᠡᠳᠪᠦᠷᠢᠯᠡᠯ ᠠᠮᠢᠳᠣᠷᠠᠯ ᠨᠢ ᠢᠯᠡᠳᠲᠡ ᠬᠤᠪᠢᠷᠠᠯᠲᠠ ᠭᠠᠷᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ