ᠤᠷᠠᠳ ᠤᠨ ᠡᠮᠦᠨᠡᠳᠦ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠠᠷᠠᠳ ᠤᠨ ᠴᠠᠭᠳᠠᠭ᠎ᠠ ᠴᠧᠨ ᠬᠠᠢ ᠶᠠᠨ ᠠᠷᠠᠳ ᠲᠤ ᠦᠢᠯᠡᠴᠢᠯᠡᠬᠦ ᠠᠩᠬᠠᠨ ᠤ ᠵᠤᠷᠢᠯᠳᠠ ᠪᠠᠨ ᠢᠮᠡᠭ᠌ᠳᠠ ᠦᠢᠯᠡᠳᠦᠯᠬᠡᠵᠢᠬᠦᠯᠦᠭᠰᠡᠭᠡᠷ ᠢᠷᠡᠪᠡ
ᠨᠡᠶᠢᠲᠡᠯᠡᠭᠰᠡᠨ ᠴᠠᠭ᠄
2022/5/5

陈海燕1.jpg

      ︿︿ᠤᠷᠤᠵᠤ ᠭᠠᠷᠬᠤ ᠳᠤ ᠬᠢᠯᠢ ᠲᠠᠢ᠂ ᠦᠢᠯᠡᠴᠢᠯᠡᠬᠦ ᠳᠤ ᠬᠢᠵᠠᠭᠠᠷ ᠦᠬᠡᠢ﹀﹀ ᠡᠨᠡ ᠪᠤᠯ ᠤᠷᠠᠳ ᠤᠨ ᠡᠮᠦᠨᠡᠳᠦ ᠬᠤᠰᠢᠭᠤᠨ ᠤ ᠲᠤᠳᠤᠭᠠᠳᠤ ᠶᠢ

ᠬᠠᠮᠠᠭᠠᠯᠠᠬᠤ ᠲᠤᠪᠴᠢᠶᠠᠨ ᠤ ᠠᠷᠠᠳ ᠲᠤ ᠲᠦᠬᠦᠮ ᠦᠵᠡᠬᠦᠯᠬᠦ ᠠᠷᠠᠳ ᠤᠨ ᠴᠠᠭᠳᠠᠭ᠎ᠠ ᠶᠢᠨ ᠲᠤᠪᠴᠢᠶᠠᠨ ᠤ ᠬᠠᠷᠢᠭᠤᠴᠠᠯᠭᠠᠳᠠᠨ ᠴᠧᠨ ᠬᠠᠢ ᠶᠠᠨ ᠤ ᠢᠮᠠᠭᠳᠠ

ᠦᠢᠯᠡᠳᠦᠯᠬᠡᠵᠢᠬᠦᠯᠦᠭᠰᠡᠭᠡᠷ ᠢᠷᠡᠭᠰᠡᠨ ᠠᠵᠢᠯ ᠤᠨ ᠤᠶᠢᠯᠠᠭᠠᠭᠳᠠᠬᠤᠨ ᠪᠤᠯᠤᠨ᠎ᠠ᠃

      ᠴᠧᠨ ᠬᠠᠢ ᠶᠠᠨ ᠢᠮᠠᠭᠳᠠ ᠠᠷᠠᠳ ᠲᠦᠮᠡᠨ ᠳᠤ ᠦᠢᠯᠡᠴᠢᠯᠠᠬᠦ ᠪᠤᠯᠤᠨ ᠲᠤᠳᠤᠭᠠᠳᠤ ᠶᠢ ᠬᠠᠮᠠᠭᠠᠯᠠᠬᠤ ᠴᠤᠩᠬᠤᠪᠴᠢ ᠶᠢᠨ ᠠᠵᠢᠯ ᠢ ᠬᠠᠮᠤᠭ ᠤᠨ ᠰᠠᠶᠢᠨ

ᠤᠶᠠᠯᠳᠤᠯ` ᠤᠨ ᠴᠢᠭ ᠢ ᠬᠠᠷᠠᠭᠠᠯᠵᠠᠨ᠂ ᠦᠢᠯᠡᠴᠢᠯᠡᠬᠡᠨ ᠤ ᠠᠷᠭ᠎ᠠ ᠬᠡᠮᠵᠢᠶ᠎ᠡ ᠪᠠᠨ ᠲᠠᠰᠤᠷᠠᠯᠳᠠ ᠦᠬᠡᠢ ᠰᠢᠨᠡᠴᠢᠯᠡᠵᠦ᠂ ᠠᠵᠢᠯ ᠤᠨ ᠲᠤᠭᠳᠠᠴᠠ ᠪᠠᠨ

ᠰᠢᠯᠢᠳᠡᠭᠵᠢᠬᠦᠯᠦᠨ᠂ ᠦᠢᠯᠡᠴᠢᠯᠡᠬᠡᠨ ᠤ ᠴᠠᠭ ᠢ ᠤᠷᠳᠤᠳᠬᠠᠬᠤ ᠲᠦᠷᠢᠮ᠂ ᠦᠢᠯᠡᠴᠢᠯᠡᠬᠡᠨ ᠤ ᠤᠷᠤᠨ ᠵᠠᠢ ᠶᠢ ᠦᠷᠭᠡᠳᠬᠡᠬᠦ ᠲᠦᠷᠢᠮ᠂ ᠠᠮᠠᠷᠠᠯᠳᠠ ᠶᠢᠨ ᠡᠳᠦᠷ

ᠤᠷᠢᠳᠴᠢᠯᠠᠨ ᠪᠤᠯᠵᠤᠬᠤ ᠲᠦᠷᠢᠮ ᠢ ᠪᠠᠷᠢᠮᠳᠠᠯᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠦᠬᠦᠮ ᠦᠵᠡᠬᠦᠯᠪᠡ᠃

      ᠠᠷᠠᠳ ᠤᠨ ᠴᠠᠭᠳᠠᠭ᠎ᠠ ᠪᠤᠯᠤᠭᠰᠠᠨ 23  ᠵᠢᠯ ᠤᠨ ᠲᠤᠷᠰᠢ᠂  ᠴᠧᠨ ᠬᠠᠢ ᠶᠠᠨ ᠲᠤᠪᠤᠶᠢᠮ᠎ᠠ ᠢᠯᠡᠷᠡᠯ ᠢᠶᠠᠷ ᠢᠶᠠᠨ ᠨᠠᠮ ᠤᠨ ᠬᠤᠷᠢᠶ᠎ᠠ ᠵᠠᠰᠠᠭ ᠤᠨ

ᠤᠷᠳᠤᠨ ᠪᠤᠯᠤᠨ ᠠᠷᠠᠳ ᠤᠯᠠᠨ ᠤ ᠬᠦᠷᠢᠶᠡᠯᠡᠯ ᠢ ᠤᠯᠤᠭᠰᠠᠨ ᠪᠦᠬᠡᠳ ᠤᠷᠤᠨ᠂ ᠬᠤᠳᠠ᠂ ᠬᠤᠰᠢᠭᠤ ᠭᠤᠷᠪᠠᠨ ᠱᠠᠳᠣᠨ ᠤ ᠲᠤᠳᠤᠭᠠᠳᠤ ᠶᠢ ᠬᠠᠮᠠᠭᠠᠯᠠᠬᠤ

ᠪᠠᠶᠢᠭᠤᠯᠭ᠎ᠠ ᠶᠢᠨ ᠬᠦᠬᠢᠬᠦᠯᠦᠯ ᠱᠠᠩᠨᠠᠯ ᠢ ᠤᠯᠠᠨᠳᠠ ᠬᠦᠷᠳᠡᠵᠦ᠂ ᠤᠷᠢᠳ ᠬᠤᠵᠢᠳ ᠬᠤᠪᠢ ᠬᠦᠮᠦᠨ ᠤ ᠭᠤᠷᠪᠠᠳᠤᠭᠠᠷ ᠲᠡᠰ ᠤᠨ ᠭᠠᠪᠢᠶ᠎ᠠ ᠶᠢ ᠲᠠᠪᠤ ᠤᠳᠠᠭ᠎ᠠ

ᠪᠠᠶᠢᠭᠤᠯᠪᠠ᠃ 2007 ᠤᠨ ᠳᠤ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠬᠢᠯᠢ ᠪᠠᠷ ᠤᠷᠤᠵᠤ ᠭᠠᠷᠬᠤ ᠬᠠᠮᠢᠶᠠᠷᠤᠯᠳᠠ ᠶᠢᠨ

ᠰᠠᠯᠠᠭ᠎ᠠ ᠮᠦᠴᠢᠷ ᠤᠨ ︿︿ᠪᠤᠯᠪᠠᠰᠤᠨ ᠴᠤᠩᠬᠤ﹀﹀ ᠶᠢᠨ ᠪᠠᠶᠢᠭᠤᠯᠤᠯᠳᠠ ᠶᠢ ᠪᠠᠷᠢᠮᠵᠢᠶ᠎ᠠ ᠳᠤ ᠬᠦᠷᠬᠡᠬᠦ ᠠᠵᠢᠯᠯᠠᠭ᠎ᠠ ᠶᠢᠨ ᠬᠢᠷᠢ ᠪᠦᠳᠦᠮᠵᠢ ᠪᠠᠷ ᠬᠤᠪᠢ ᠬᠦᠮᠦᠨ ᠢ

ᠰᠢᠯᠭᠠᠡᠠᠭᠤᠯᠪᠠ︔ 2011 ᠤᠨ ᠳᠤ ᠦᠪᠡᠷᠳᠡᠬᠡᠨ ᠵᠠᠰᠠᠬᠤ ᠤᠷᠤᠨ ᠤ ᠲᠢᠩᠭᠢᠮ ᠠᠴᠠ ᠬᠢᠨᠠᠨ ᠪᠠᠶᠢᠴᠠᠭᠠᠬᠤ ᠠᠵᠢᠯ ᠤᠨ ᠲᠠᠷᠢᠬᠦᠨ ᠤ ᠬᠤᠪᠢ ᠬᠦᠮᠦᠨ ᠢᠶᠠᠷ

ᠦᠨᠡᠯᠡᠭᠳᠡᠪᠡ︔ 2014 ᠤᠨ ᠳᠤ ᠪᠠᠶᠠᠨᠨᠠᠭᠤᠷ ᠬᠤᠳᠠ ᠶᠢᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠳᠤ ︿︿ᠲᠠᠪᠤᠨ ᠰᠠᠶᠢᠳᠠᠢ ᠬᠡᠷ ᠪᠦᠯᠢ ᠪᠠᠷ ᠦᠨᠡᠯᠡᠭᠳᠡᠪᠡ︔

2017 ᠤᠨ ᠳᠤ ᠪᠠᠶᠠᠨᠨᠠᠭᠤᠷ ᠬᠤᠳᠠ ᠶᠢᠨ ᠬᠠᠮᠤᠭ ᠤᠨ ᠭᠤᠶᠤ ᠴᠠᠭᠳᠠᠭ᠎ᠠ ᠪᠠᠷ ᠪᠠᠷ ᠦᠨᠡᠯᠡᠭᠳᠡᠪᠡ︔ 2021 ᠤᠨ ᠳᠤ ᠪᠠᠶᠠᠨᠨᠠᠭᠤᠷ ᠬᠤᠳᠠ ᠶᠢᠨ

ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠳᠤ ᠪᠦᠬᠦ ᠬᠤᠳᠠ ᠶᠢᠨ ᠠᠷᠪᠠᠨ ᠰᠢᠯᠢᠳᠡᠭ ︿︿ᠦᠢᠯᠡᠴᠢᠯᠡᠬᠡᠨ ᠤ ᠵᠢᠱᠢᠶᠡᠴᠢ﹀﹀ ᠪᠠᠷ ᠦᠨᠡᠯᠡᠭᠳᠡᠪᠡ᠃ 

陈海燕2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ