ᠤᠶᠢᠷ᠎ᠠ ᠶᠢᠨ ᠵᠢᠯ ᠳᠤ᠂ ᠤᠷᠠᠳ ᠤᠨ ᠡᠮᠦᠨᠡᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠡᠪᠯᠡᠯ ᠤᠨ ᠡᠬᠦᠷ ᠨᠢ ᠲᠡᠭᠡᠳᠦ ᠱᠠᠳᠣᠨ ᠤ ᠨᠠᠮ | ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ᠂ ᠲᠡᠭᠡᠳᠦ ᠱᠠᠳᠣᠨ ᠤ ᠡᠪᠯᠡᠯ ᠤᠨ ᠬᠤᠷᠢᠶ᠎ᠠ ᠶᠢᠨ ᠶᠢᠨ ᠵᠢᠯᠤᠭᠤᠳᠤᠯᠭ᠎ᠠ᠂ ᠡᠯ᠎ᠡ ᠰᠠᠯᠠᠭ᠎ᠠ ᠮᠦᠴᠢᠷ ᠤᠨ | ᠬᠠᠪᠰᠤᠷᠯᠠᠭᠠ ᠲᠤᠤᠷ᠎ᠠ᠂ ᠨᠠᠮ ᠤᠨ ᠪᠠᠶᠢᠭᠤᠯᠤᠯᠳᠠ ᠪᠠᠷ ᠡᠪᠯᠡᠯ ᠤᠨ ᠪᠠᠶᠢᠭᠤᠯᠤᠯᠳᠠ ᠶᠢ ᠲᠠᠶᠢᠴᠢᠯᠠᠬᠤ᠂ ᠡᠪᠯᠡᠯ ᠤᠨ ᠪᠠᠶᠢᠭᠤᠯᠤᠯᠳᠠ ᠪᠠᠷ ᠨᠠᠮ ᠤᠨ ᠪᠠᠶᠢᠭᠤᠯᠤᠯᠳᠠ | ᠶᠢ ᠠᠬᠢᠭᠤᠯᠬᠤ﹀﹀ ᠪᠠᠷ ᠪᠦᠬᠦᠯᠢ ᠴᠤᠭᠴᠠ ᠶᠢᠨ ᠰᠡᠳᠬᠢᠴᠡ ᠶᠢ ᠪᠠᠷᠢᠮᠳᠠᠯᠠᠵᠤ᠂ ᠪᠦᠬᠦ ᠬᠤᠷᠢᠶᠠᠨ ᠤ ᠵᠠᠯᠠᠭᠤ ᠺᠠᠳ᠋ᠷ ᠴᠴᠠᠭᠳᠠᠭᠠ ᠶᠢᠨ ᠢᠳᠡᠪᠬᠢᠵᠢᠯ ᠢ ᠲᠠᠶᠢᠴᠢᠯᠠᠵᠤ | ᠂ ᠡᠪᠯᠡᠯ ᠤᠨ ᠬᠡᠰᠢᠬᠦᠨ ᠵᠠᠯᠠᠭᠤᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭᠳᠠᠢ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠪᠠ᠃ ᠡᠬᠦᠨ ᠤ | ᠬᠠᠨᠮᠳᠤ ︿︿ᠢᠷᠡᠭᠡᠳᠦᠢ ᠢ ᠬᠠᠯᠠᠮᠵᠢᠯᠠᠨ ᠬᠠᠤᠯᠢᠴᠢᠯ ᠢᠶᠠᠷ ᠬᠠᠮᠠᠭᠠᠯᠠᠬᠤ﹀﹀ ᠭᠤᠤᠯ ᠰᠡᠳᠣᠪ ᠤᠨ ᠲᠤᠭᠤᠷᠢᠨ ᠳᠤ ᠰᠤᠷᠭᠠᠭᠤᠯᠢ᠂ ᠨᠡᠶᠢᠬᠡᠮ ᠲᠤᠭᠤᠷᠢᠭ ᠲᠤ | ᠬᠦᠨᠵᠡᠬᠡᠶᠢᠷᠡᠨ᠂ ᠪᠠᠶᠢᠴᠠᠭᠠᠨ ᠰᠤᠷᠪᠤᠯᠵᠢᠯᠠᠵᠤ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠬᠤ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠲᠦᠬᠡᠷᠢᠭᠳᠡᠯ ᠢ | ᠤᠶᠢᠯᠠᠭᠠᠨ᠂ ᠵᠠᠯᠠᠭᠤᠴᠤᠳ ᠪᠠᠭᠠᠴᠤᠳ ᠲᠤ ᠠᠯᠢ ᠤᠯᠠᠨ ᠬᠠᠤᠯᠢ ᠲᠦᠬᠡᠮᠡᠯᠵᠢᠬᠦᠯᠬᠦ ᠠᠵᠢᠯᠯᠠᠭ᠎ᠠ ᠪᠠ ᠤᠬᠠᠭᠤᠯᠭ᠎ᠠ ᠮᠡᠳᠡᠬᠡᠯᠡᠯ ᠦᠷᠨᠢᠬᠦᠯᠵᠦ᠂ ᠸᠢᠴᠠᠲ ᠤᠨ ᠤᠯᠠᠨ | ᠨᠠᠶᠢᠳᠡ ᠶᠢᠨ ᠳ᠋ᠣᠭᠠᠷ ᠲᠤ ︿︿ᠴᠤᠮᠤᠷᠯᠢᠭ ᠢ ᠬᠠᠮᠠᠭᠠᠯᠠᠬᠤ﹀﹀ ᠬᠠᠤᠯᠢ ᠲᠦᠬᠡᠮᠡᠯᠵᠢᠬᠦᠯᠬᠦ ᠬᠠᠶᠢᠷ᠎ᠠ ᠬᠠᠯᠠᠮᠵᠢ ᠶᠢᠨ ᠪᠢᠴᠢᠯ ᠬᠢᠴᠢᠶᠡᠯ ᠤᠨ ᠲᠢᠩᠭᠢᠮ ᠨᠡᠭᠡᠭᠡᠵᠦ᠂ | ᠵᠠᠯᠠᠭᠤᠴᠤᠳ ᠪᠠᠭᠠᠴᠤᠳ ᠤᠨ ᠦᠰᠦᠨ ᠪᠣᠶᠢᠵᠢᠯᠳᠡ ᠪᠠ ᠬᠦᠭᠵᠢᠯᠳᠡ ᠳᠤ ᠪᠦᠳᠦᠮᠵᠢᠳᠡᠢ ᠬᠠᠤᠯᠢ ᠴᠠᠭᠠᠵᠠ ᠶᠢᠨ ᠦᠢᠯᠡᠴᠢᠯᠡᠭᠡ᠂ ᠰᠡᠳᠬᠢᠴᠡ ᠶᠢᠨ ᠵᠦᠪᠯᠡᠯᠬᠡ | ᠦᠭᠬᠦ ᠦᠢᠯᠡᠴᠢᠯᠡᠭᠡ ᠪᠠ ᠪᠤᠰᠤᠳ ᠦᠨᠡᠨ ᠬᠦ᠋ ᠬᠠᠪᠰᠤᠷᠤᠯᠭ᠎ᠠ ᠬᠠᠩᠭᠠᠪᠠ᠃ | ᠬᠤᠶᠢᠰᠢᠳᠠ ᠶᠢᠨ ᠠᠵᠢᠯ ᠤᠨ ᠲᠤᠮᠳᠠ ᠪᠠᠶᠢᠴᠠᠭᠠᠬᠤ ᠬᠤᠷᠢᠶᠠᠨ ᠤ ᠡᠪᠯᠡᠯ ᠤᠨ ᠡᠬᠦᠷ ᠨᠡᠩ ᠦᠨᠳᠦᠷ ᠪᠡᠷᠢᠮᠵᠢᠶ᠎ᠠ ᠪᠠᠷ ᠠᠵᠢᠯ ᠢᠶᠠᠨ ᠦᠷᠨᠢᠬᠦᠯᠵᠦ᠂ ᠡᠪᠯᠡᠯ | ᠤᠨ ᠵᠤᠬᠢᠶᠠᠨ ᠪᠠᠶᠢᠭᠤᠯᠤᠯᠳᠠ ᠶᠢᠨ ᠨᠢᠭᠳᠠᠷᠠᠯ ᠤᠨ ᠬᠦᠴᠦᠨ ᠪᠠ ᠲᠠᠶᠢᠴᠢᠨ ᠬᠦᠴᠦᠨ ᠢ ᠤᠯᠠᠮ ᠴᠢᠩᠭᠠᠷᠠᠭᠤᠯᠵᠤ᠂ ᠦᠢᠯᠡᠰ ᠤᠨ ᠪᠦᠳᠦᠬᠡᠨ ᠪᠠᠶᠢᠭᠤᠯᠤᠯᠳᠠ ᠳᠤ | ᠨᠡᠩ ᠶᠡᠭᠡ ᠠᠮᠵᠢᠯᠳᠠ ᠭᠠᠷᠭᠠᠵᠤ᠂ ᠠᠵᠢᠯ ᠢᠶᠠᠨ ᠰᠢᠨ᠎ᠡ ᠨᠢᠬᠡ ᠲᠡᠭᠳᠡᠷ ᠲᠤ ᠭᠠᠷᠭᠠᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠦ ᠪᠠᠷ ᠪᠠᠯᠠᠬᠡᠨ | ᠪᠠᠶᠢᠨ᠎ᠠ᠃ |