ᠨᠢᠭᠳᠠ ᠠᠩᠬᠠᠷᠴᠤ᠂ ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ ᠨᠢ ᠲᠠᠷᠢᠶᠠᠯᠠᠩ ᠤᠨ ᠲᠠᠷᠬᠠᠭᠠᠯᠳᠠ ᠶᠢᠨ ᠵᠢᠬᠡᠯᠡᠯᠬᠡ ᠶᠢ 5000 ᠲᠦᠮᠡᠨ ᠲᠦᠬᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2022/5/6
    ᠣᠶᠢᠷ᠎ᠠ ᠶᠢᠨ ᠡᠳᠦᠷ᠂ ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ  ᠶᠢᠨ ᠡᠮᠦᠨᠡᠳᠦ ᠬᠤᠰᠢᠭᠤᠨ  ᠳᠠᠬᠢ ᠰᠠᠯᠪᠤᠷᠢ ᠪᠠᠩᠭᠢ ᠨᠢ ᠲᠠᠷᠢᠶᠠᠯᠠᠩ ᠤᠨ ᠲᠠᠷᠬᠠᠭᠠᠯᠳᠠ ᠶᠢᠨ ᠵᠢᠬᠡᠯᠡᠯᠬᠡ 5000 ᠲᠦᠮᠡᠨ ᠲᠦᠬᠦᠷᠢᠭ ᠠᠮᠵᠢᠯᠳᠠᠳᠠᠢ ᠲᠠᠷᠬᠠᠭᠠᠵᠤ᠂ ᠲᠠᠷᠢᠶᠠᠯᠠᠩ ᠢ ᠲᠡᠮᠵᠢᠬᠦ ᠪᠡᠯᠡ ᠮᠦᠩᠭᠦ ᠬᠤᠷᠠᠮᠳᠤᠭᠤᠯᠬᠤ ᠵᠠᠮ ᠰᠣᠪᠠᠭ ᠢ ᠤᠯᠠᠮ ᠨᠢᠬᠡ ᠠᠯᠬᠤᠮ ᠦᠷᠬᠡᠳᠬᠡᠪᠡ᠃    ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ ᠨᠢ ᠲᠠᠷᠢᠶᠠᠯᠠᠩ ᠤᠨ ᠲᠠᠷᠬᠠᠭᠠᠯᠳᠠ ᠶᠢᠨ ᠵᠢᠬᠡᠯᠡᠯᠬᠡ ᠶᠢ ᠪᠤᠷᠤᠯᠠᠭᠤᠯᠬᠤ ᠠᠵᠢᠯ ᠢ ᠲᠠᠷᠢᠶᠠᠯᠠᠩ ᠢ ᠲᠡᠮᠵᠢᠬᠦ ᠪᠡᠯᠡ ᠮᠦᠩᠭᠦ ᠬᠤᠷᠠᠮᠳᠤᠭᠤᠯᠬᠤ ᠰᠢᠪᠳᠤᠯᠤᠯᠳᠠ ᠶᠢᠨ ᠴᠢᠭᠯᠡᠯ ᠢᠶᠠᠨ ᠪᠤᠯᠭᠠᠵᠤ᠂ ᠡᠷᠳᠡ ᠪᠠᠶᠢᠷᠢᠯᠠᠭᠤᠯᠵᠤ ᠡᠷᠳᠡ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠲᠠᠷᠬᠠᠭᠠᠯᠳᠠ  ᠶᠢᠨ ᠵᠢᠬᠡᠯᠡᠯᠬᠡ  ᠶᠢ ᠪᠤᠷᠤᠯᠠᠭᠤᠯᠬᠤ ᠲᠦᠰᠦᠪ ᠲᠤᠭᠳᠠᠭᠠᠵᠤ᠂ ᠲᠠᠷᠢᠶᠠᠯᠠᠩ ᠤᠨ ᠲᠠᠷᠬᠠᠭᠠᠯᠳᠠ ᠶᠢᠨ ᠵᠢᠬᠡᠯᠡᠯᠬᠡ ᠪᠤᠷᠤᠯᠠᠭᠤᠯᠬᠤ ᠲᠤᠭᠤᠶᠢᠯᠠᠩ ᠪᠠᠶᠢᠭᠤᠯᠵᠤ᠂ ᠤᠯᠠᠨ ᠤᠳᠠᠭ᠎ᠠ ᠲᠤᠰᠬᠠᠢ ᠰᠡᠳᠦᠪᠳᠦ ᠬᠤᠷᠠᠯ ᠬᠤᠷᠠᠯᠳᠤᠭᠤᠯᠵᠤ᠂ ᠪᠦᠬᠦ ᠠᠵᠢᠯᠳᠠᠨ ᠢ ᠵᠤᠬᠢᠶᠠᠨ ᠪᠠᠶᠢᠭᠤᠯᠤᠨ ᠠᠳᠠᠯᠢ ᠠᠵᠢᠯ ᠲᠦᠷᠦᠯ ᠤᠨ ᠬᠡᠷᠡᠭᠯᠡᠭᠴᠢ ᠶᠢᠨ ᠡᠵᠡᠩᠨᠡᠨ ᠪᠤᠷᠤᠯᠠᠭᠤᠯᠬᠤ ᠠᠵᠢᠯ ᠤᠨ ᠮᠡᠳᠡᠯᠬᠡ ᠶᠢ ᠨᠠᠷᠢᠨ ᠬᠢᠨᠠᠮᠠᠭᠠᠢ ᠰᠤᠷᠤᠯᠴᠠᠭᠤᠯᠪᠠ᠃ ᠪᠠᠶᠢᠩᠭᠢ ᠶᠢᠨ ᠤᠳᠤᠷᠢᠳᠤᠯᠭ᠎ᠠ ᠪᠤᠷᠤᠯᠠᠭᠤᠯᠬᠤ ᠨᠢᠬᠡᠳᠦᠬᠡᠷ ᠬᠠᠷᠢᠭᠤᠴᠠᠯᠭ᠎ᠠ ᠶᠢ ᠡᠬᠦᠷᠬᠡᠯᠡᠨ ᠶᠡᠷᠦᠩᠭᠡᠢ ᠪᠠᠩᠭᠢ ᠶᠢᠨ ᠲᠠᠷᠢᠶᠠᠯᠠᠩ ᠤᠨ ᠲᠠᠷᠬᠠᠭᠠᠯᠳᠠ ᠶᠢᠨ ᠵᠢᠬᠡᠯᠡᠯᠬᠡ  ᠶᠢᠨ ᠬᠦᠳᠡᠯᠦᠯ ᠢ ᠨᠢᠭᠳᠠ ᠠᠩᠬᠠᠷᠴᠤ᠂ ᠭᠤᠤᠯᠳᠠᠯᠠᠭ᠎ᠠ ᠲᠠᠢ ᠬᠡᠷᠡᠭᠯᠡᠭᠴᠢ ᠶᠢ  ᠨᠢᠭᠳᠠ ᠠᠩᠬᠠᠷᠴᠤ᠂  ᠨᠢᠭᠳᠠ ᠠᠩᠬᠠᠷᠴᠤ᠂ ᠠᠳᠠᠯᠢ ᠠᠵᠢᠯ ᠲᠦᠷᠦᠯ ᠤᠨ ᠬᠡᠷᠡᠭᠯᠡᠭᠴᠢ ᠶᠢ ᠰᠤᠷᠪᠤᠯᠵᠢᠯᠠᠨ ᠲᠡᠳᠡᠨ ᠤ ᠱᠠᠭᠠᠷᠳᠠᠯᠭ᠎ᠠ ᠪᠠ ᠰᠠᠨᠠᠯ ᠢ ᠡᠵᠡᠮᠰᠢᠵᠦ᠂ ᠬᠡᠷᠡᠭᠯᠡᠭᠴᠢ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠪᠤᠷᠤᠯᠠᠭᠤᠯᠬᠤ ᠠᠷᠭ᠎ᠠ ᠬᠡᠯᠪᠡᠷᠢ ᠪᠠᠨ ᠲᠤᠬᠢᠷᠠᠭᠤᠯᠵᠤ᠂ ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ  ᠶᠢᠨ ᠲᠦᠷᠦ ᠶᠢᠨ ᠪᠤᠳᠤᠯᠭ᠎ᠠ ᠶᠢ ᠤᠬᠠᠭᠤᠯᠤᠨ᠂ ᠬᠡᠷᠡᠭᠯᠡᠭᠴᠢ ᠶᠢᠨ ᠲᠦᠪᠡᠭ ᠬᠦᠴᠢᠷ ᠠᠰᠠᠭᠤᠳᠠᠯ ᠢ ᠰᠡᠢᠳᠪᠦᠷᠢᠯᠡᠵᠦ᠂ ᠦᠢᠯᠡᠴᠢᠯᠡᠬᠡᠨ ᠤ ᠶᠠᠰᠣ ᠴᠢᠨᠠᠷ ᠦᠷ᠎ᠡ ᠪᠦᠳᠦᠮᠵᠢ ᠪᠠᠨ ᠲᠡᠭᠡᠭᠰᠢᠯᠡᠬᠦᠯᠵᠦ᠂ ᠲᠤᠰ ᠤᠳᠠᠭᠠᠨ ᠤ ᠲᠠᠷᠢᠶᠠᠯᠠᠩ ᠤᠨ ᠲᠠᠷᠬᠠᠭᠠᠯᠳᠠ ᠶᠢᠨ ᠵᠢᠬᠡᠯᠡᠯᠬᠡ ᠶᠢ ᠬᠤᠳᠠᠯᠳᠤᠨ ᠠᠪᠬᠤ ᠪᠦᠬᠦ ᠶᠠᠪᠤᠴᠠ ᠳᠤ ᠲᠤᠰᠬᠠᠢ ᠬᠦᠮᠦᠨ ᠲᠤᠮᠢᠯᠠᠨ ᠤᠷᠤᠯᠴᠠᠭᠤᠯᠵᠤ᠂ ᠪᠦᠬᠦ ᠲᠠᠯ᠎ᠠ ᠶᠢᠨ ᠠᠭᠤᠰᠤᠯᠴᠠᠭᠰᠠᠨ ᠮᠠᠶ᠋ᠢᠭ ᠤᠨ ᠡᠵᠡᠩᠨᠡᠨ ᠪᠤᠷᠤᠯᠠᠭᠤᠯᠬᠤ ᠦᠢᠯᠡᠴᠢᠯᠡᠭᠡ ᠪᠠᠷ ᠬᠡᠷᠡᠭᠯᠡᠭᠴᠢ ᠶᠢᠨ ᠢᠳᠡᠬᠡᠯ ᠢ ᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ