ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠮᠠᠭᠠᠳᠯᠠᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ ︵ᠬᠤᠶᠠᠳᠤᠭᠠᠷ ᠪᠦᠯᠦᠭ︶
ᠨᠡᠶᠢᠲᠡᠯᠡᠭᠰᠡᠨ ᠴᠠᠭ᠄
2022/5/6
     ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠪᠥᠬᠦ ᠤᠯᠤᠰ ᠤᠨ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ  ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ ᠪᠢᠴᠢᠭ ﹇2021﹈ 1283 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠬᠠᠷᠭᠤᠭᠤᠯᠬᠤ ᠪᠠᠷ ᠳᠡᠮᠵᠢᠨ᠂ ᠮᠠᠨ ᠤ ᠬᠤᠰᠢᠭᠤᠨ ᠤ ᠲᠡᠦᠬᠡ ᠠᠴᠠ ᠦᠯᠡᠳᠡᠭᠳᠡᠵᠦ ᠢᠷᠡᠭᠰᠡᠨ 62 ᠠᠭᠤᠷᠬᠠᠢ ᠶᠢᠨ ᠵᠢᠷᠤᠭ ᠤᠨ ᠲᠣᠯᠪᠤ᠂ ᠲᠠᠯᠠᠪᠠᠶ ᠨᠢ 215.93 ᠾᠧᠺᠲ᠋ᠠᠷ ᠪᠠᠶᠢᠵᠤ᠂ ᠴᠥᠮ ᠵᠠᠰᠠᠭ ᠤᠨ ᠣᠷᠳᠣᠨ ᠠᠴᠠ ᠰᠡᠷᠭᠦᠭᠡᠨ ᠵᠠᠰᠠᠬᠤ ᠬᠠᠷᠢᠭᠤᠴᠠᠯᠭ᠎ᠠ ᠶᠢ  ᠡᠭᠦᠷᠭᠡᠯᠡᠨ᠎ᠡ ᠃ ᠪᠣᠳᠠᠲᠠᠢ ᠵᠢᠷᠤᠭ ᠤᠨ ᠲᠣᠯᠪᠤ ᠶᠢᠨ ᠮᠡᠳᠡᠭᠡ ᠵᠠᠩᠭᠢ ᠶᠢ ᠳᠠᠭᠠᠯᠳᠤᠭᠤᠯᠤᠯ ᠬᠦᠰᠦᠨᠦᠭᠲᠦ ᠳᠤ ᠦᠵᠡ᠃ ︽ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠦᠷᠢᠮ ᠢ ᠬᠡᠷᠡᠭᠵᠢᠭᠦᠯᠬᠦ ᠠᠷᠭ᠎ᠠ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ 56 ᠳ᠋ᠤᠭᠠᠷ ᠲᠣᠭᠠᠲᠤ ᠵᠠᠷᠯᠢᠭ︶ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ︵ᠳᠠᠷᠤᠢ 2022 ᠣᠨ ᠤ 4 ᠰᠠᠷ᠎ᠠ ᠶᠢᠨ 19 ᠤ ᠡᠳᠦᠷ ᠠᠴᠠ 2022 ᠣᠨ ᠤ 5 ᠰᠠᠷ᠎ᠠ ᠶᠢᠨ 18 ᠤ ᠡᠳᠦᠷ ᠪᠣᠯᠲᠠᠯ᠎ᠠ︶᠂ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠴᠠᠬᠢᠯᠭᠠᠨ ᠮᠡᠳᠡᠭᠡ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠲᠤᠰᠬᠠᠵᠤ ᠪᠣᠯᠣᠨ᠎ᠠ᠃     ᠬᠠᠷᠢᠯᠴᠠᠬᠤ ᠤᠲᠠᠰᠤ᠄ 0478 ︱ 3213514     ᠬᠠᠶ᠋ᠢᠭ᠄ ᠤᠷᠠᠳ ᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ     ᠳᠠᠭᠠᠯᠳᠤᠭᠤᠯᠤᠯ ᠪᠠᠭᠤᠯᠭᠠᠬᠤ᠄ ᠤᠷᠠᠳ ᠤᠨ ᠡᠮᠦᠨᠡᠲᠦ ᠬᠤᠰᠢᠭᠤᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠮᠡᠳᠡᠭᠡ ᠵᠠᠩᠭᠢ ᠶᠢᠨ ᠬᠦᠰᠦᠨᠦᠭᠲᠦ ︵ᠬᠤᠶᠠᠳᠤᠭᠠᠷ ᠪᠦᠯᠦᠭ︶                                         ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                          2022 ᠣᠨ ᠤ 4 ᠰᠠᠷ᠎ᠠ ᠶᠢᠨ 19 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ