ᠴᠢᠪᠠᠭ᠎ᠠ ᠪᠤᠯ ᠡᠮᠡᠭᠳᠡᠢ ᠬᠦᠮᠦᠨ ᠤ ᠬᠠᠮᠤᠭ ᠤᠨ ᠰᠠᠶᠢᠨ ᠢᠳᠡᠭᠡᠨ
ᠨᠡᠶᠢᠲᠡᠯᠡᠭᠰᠡᠨ ᠴᠠᠭ᠄
2022/5/6
    ᠡᠮᠨᠡᠯᠭᠡ ᠶᠢᠨ ᠲᠤᠰᠬᠠᠢ ᠮᠡᠷᠭᠡᠵᠢᠯᠳᠡᠨ ᠤ ᠰᠠᠨᠠᠭᠤᠯᠬᠤ ᠪᠠᠷ᠂ ᠡᠮᠡᠭᠳᠡᠢ ᠬᠦᠮᠦᠨ ᠨᠢᠭᠡ ᠪᠡᠶᠡᠨ ᠳᠡᠭᠡᠨ ᠦᠷᠭᠦᠯᠵᠢ ᠴᠢᠪᠠᠭ᠎ᠠ ᠢᠳᠡᠬᠦ ᠬᠡᠷᠡᠭᠳᠡᠢ᠃ ᠴᠢᠪᠠᠭ᠎ᠠ ᠪᠣᠯ ᠡᠮᠡᠭᠳᠡᠢ ᠬᠦᠮᠦᠨ ᠤ ᠬᠠᠮᠤᠭ ᠤᠨ ᠰᠠᠶᠢᠨ ᠰᠢᠮ᠎ᠡ ᠲᠡᠵᠢᠭᠡᠯ ᠪᠠ ᠭᠤᠶᠤᠯᠠᠯ ᠤᠨ ᠵᠢᠮᠢᠰ ᠮᠦᠨ ᠭᠡᠵᠤ ᠪᠤᠢ᠃       ︵1︶ ᠴᠢᠪᠠᠭ᠎ᠠ ᠶᠢ ᠪᠤᠴᠠᠯᠤᠭᠰᠠᠨ ᠤᠰᠤᠨ ᠳᠤ ᠴᠢᠢᠯᠡᠵᠦ ᠤᠰᠤ ᠢ ᠨᠢ ᠤᠤᠭᠤᠪᠠᠯ ᠡᠯᠢᠭᠡ ᠬᠤᠳᠤᠭᠤᠳᠤ ᠶᠢ ᠭᠠᠮᠨᠠᠵᠤ ᠪᠡᠶ᠎ᠡ ᠶᠢᠨ ᠬᠤᠤᠷ ᠢ ᠠᠷᠢᠯᠭᠠᠨ᠎ᠠ᠃           ︵2︶ ᠴᠢᠪᠠᠭ᠎ᠠ ᠶᠢ ᠯᠤᠤ ᠶᠢᠨ ᠨᠢᠳᠤ ᠲᠠᠢ᠂ ᠬᠦᠬᠡ ᠴᠠᠢ ᠲᠠᠢ ᠴᠤᠭ ᠴᠢᠢᠯᠡᠵᠦ ᠤᠤᠭᠤᠪᠠᠯ ᠲᠠᠮᠢᠷ ᠲᠡᠩᠬᠡᠭᠡ ᠶᠢ ᠨᠡᠮᠡᠭᠳᠡᠬᠦᠯᠵᠤ ᠬᠤᠭᠤᠯᠠᠢ ᠪᠠᠭᠠᠯᠵᠠᠭᠤᠷ ᠲᠤ ᠰᠠᠶᠢᠨ᠃           ︵3︶ ᠴᠢᠪᠠᠭ᠎ᠠ ᠶᠢ ᠮᠦᠰᠦᠨ ᠰᠢᠬᠢᠷ᠂ ᠲᠤᠳᠤᠷᠭ᠎ᠠ ᠪᠤᠶᠤ ᠨᠠᠷᠢᠮᠤ ᠪᠤᠳᠠᠭ᠎ᠠ ᠲᠠᠢ ᠰᠢᠩᠬᠡᠨ ᠵᠤᠳᠠᠩ  ᠪᠤᠯᠭᠠᠨ ᠴᠢᠨᠠᠵᠤ ᠢᠳᠡᠪᠡᠯ ᠠᠭᠤᠰᠬᠢᠨ ᠬᠠᠯᠠᠭᠤᠨ ᠢ ᠬᠦᠭᠡᠭᠡᠵᠤ ᠬᠠᠨᠢᠶᠠᠳᠤ ᠳᠤ ᠲᠤᠰᠠᠳᠠᠢ᠃           ︵4︶ ᠴᠢᠪᠠᠭ᠎ᠠ᠂ ᠯᠤᠤ ᠶᠢᠨ ᠨᠢᠳᠤ᠂ ᠤᠯᠠᠭᠠᠨ ᠰᠢᠬᠢᠷ᠂ ᠦᠨᠳᠡᠭᠡ ᠲᠠᠢ ᠴᠤᠭ ᠴᠢᠨᠠᠵᠤ ᠢᠳᠡᠪᠡᠯ ᠦᠩᠬᠡ ᠵᠢᠰᠤ ᠶᠢ ᠭᠤᠶᠤᠵᠢᠭᠤᠯᠬᠤ ᠦᠢᠯᠡᠳᠤᠯ ᠲᠠᠢ᠃           ︵5︶ ᠴᠢᠪᠠᠭ᠎ᠠ ᠶᠢ ᠠᠷᠢᠬᠢᠨ ᠳᠤ ᠲᠡᠪᠳᠤᠭᠡᠵᠤ ᠵᠤᠬᠢᠮᠵᠢᠳᠠᠢ ᠤᠤᠭᠤᠵᠤ ᠨᠢ ᠴᠢᠰᠤᠨ ᠡᠷᠭᠢᠯᠳᠡ ᠶᠢ  ᠰᠠᠶᠢᠵᠢᠷᠠᠭᠤᠯᠵᠤ᠂ ᠬᠤᠳᠤᠭᠤᠳᠤ ᠬᠡᠲᠡᠰᠤ ᠶᠢ ᠭᠠᠮᠨᠠᠵᠤ ᠬᠠᠮᠠᠭᠠᠯᠠᠬᠤ ᠦᠢᠯᠡᠳᠦᠯ ᠲᠠᠢ ᠪᠠᠶᠢᠳᠠᠭ᠃      
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ