12306 ᠰᠢᠨ᠎ᠡ ᠴᠢᠳᠠᠮᠵᠢ ᠲᠠᠢ ᠪᠣᠯᠪᠠ︕ 20 ᠮᠤᠵᠢ ᠶᠢᠨ ᠠᠶᠠᠨᠴᠢᠳ ᠤᠨ ᠮᠠᠰᠢᠨ ᠤ ᠪᠢᠯᠧᠲ ᠢ  ᠬᠤᠳᠠᠯᠳᠤᠨ ᠠᠪᠴᠤ ᠪᠣᠯᠤᠨ᠎ᠠ
ᠨᠡᠶᠢᠲᠡᠯᠡᠭᠰᠡᠨ ᠴᠠᠭ᠄
2022/5/6
    12306 ᠰᠢᠨ᠎ᠡ ᠴᠢᠳᠠᠮᠵᠢ ᠲᠠᠢ ᠪᠣᠯᠵᠠᠢ᠂ ᠥᠨᠥᠳᠦᠷ ᠣᠯᠠᠨ ᠳᠤ ᠲᠠᠨᠢᠯᠴᠠᠭᠤᠯᠤᠶ᠎ᠠ᠃       ᠡᠨᠡ ᠨᠢ ᠮᠠᠰᠢ ᠬᠡᠷᠡᠭᠴᠡᠭᠡ ᠲᠠᠢ᠂ ᠣᠳᠣᠬᠠᠨ ᠳᠤ 12306 APP ᠠᠴᠠ 20 ᠮᠤᠵᠢ ᠶᠢᠨ ᠠᠶᠠᠨᠴᠢᠳ ᠤᠨ ᠮᠠᠰᠢᠨ ᠲᠡᠷᠭᠡᠨ ᠤ ᠪᠢᠯᠧᠲ ᠢ ᠬᠤᠳᠠᠯᠳᠤᠨ ᠠᠪᠴᠤ ᠪᠣᠯᠤᠨ᠎ᠠ᠃ ᠡᠨᠡ 20 ᠮᠤᠵᠢ ᠨᠢ ᠪᠡᠭᠡᠵᠢᠩ᠂ ᠲᠢᠶᠠᠨᠵᠢᠨ᠂ ᠾᠧᠪᠧᠶ᠂ ᠾᠧᠨᠠᠨ᠂ ᠬᠠᠶᠢᠨᠠᠨ᠂ ᠭᠤᠸᠠᠩᠰᠢ᠂ ᠭᠤᠸᠠᠩᠳᠦ᠋ᠩ᠂ ᠨᠢᠩᠰᠢᠶᠠ᠂ ᠯᠢᠶᠣᠤᠨᠢᠩ᠂ ᠱᠠᠨᠳᠦ᠋ᠩ᠂ ᠶᠦᠨᠨᠠᠨ᠂ ᠵᠧᠵᠢᠶᠠᠩ᠂ ᠰᠧᠴᠤᠸᠠᠨ᠂ ᠭᠦᠢᠵᠸᠥ᠂ ᠲᠥᠪᠡᠳ᠂ ᠠᠨᠾᠦ᠋ᠢ᠂ ᠬᠤᠪᠧᠶ᠂ ᠬᠤᠨᠠᠨ᠂ ᠱᠠᠩᠬᠠᠶ᠂ ᠹᠦᠵᠢᠶᠠᠨ ᠵᠡᠷᠭᠡ ᠪᠣᠯᠣᠨ᠎ᠠ᠃           ᠲᠡᠭᠡᠪᠡᠯ ᠬᠡᠷᠬᠢᠨ ᠪᠢᠯᠧᠲ ᠬᠤᠳᠠᠯᠳᠤᠨ ᠠᠪᠬᠤ ᠪᠤᠢ?    12306 ᠶᠢᠨ APP ᠶᠢ ᠨᠡᠭᠡᠭᠡᠵᠦ᠂ ︽更多︾ ᠢ ᠳᠠᠷᠤᠵᠤ ᠠᠶᠠᠨᠴᠢᠳ ᠤᠨ ᠮᠠᠰᠢᠨ ᠲᠡᠷᠭᠡᠨ ᠤ ᠪᠢᠯᠧᠲ ᠬᠤᠳᠠᠯᠳᠤᠨ ᠠᠪᠬᠤ ᠴᠢᠳᠠᠮᠵᠢ ᠶᠢᠨ ᠣᠷᠣᠬᠤ ᠡᠭᠦᠳᠡ ᠶᠢ ᠡᠷᠢᠵᠦ ᠣᠯᠣᠭᠠᠳ ᠠᠵᠢᠯᠯᠠᠪᠠᠯ  ᠳᠠᠷᠤᠢ ᠬᠤᠳᠠᠯᠳᠤᠨ‌ᠠᠪᠴᠢᠬᠠᠨ᠎ᠠ᠃     
ᠢᠷᠡᠯᠲᠡ᠄ ᠠᠷᠠᠳ ᠤᠨ ᠮᠣᠩᠭᠤᠯ ᠰᠦᠯᠵᠢᠶ᠎ᠡ