ᠡᠷᠳᠡᠨᠢᠪᠤᠯᠠᠭ ᠲᠤᠮᠢᠯᠠᠭᠰᠠᠨ ᠰᠠᠯᠪᠤᠷᠢ ᠶᠢᠨ ᠬᠢᠨ ᠮᠠᠯᠴᠢᠳ ᠲᠤ ᠮᠡᠬᠡᠯᠡᠬᠦ ᠶᠢ ᠡᠰᠡᠷᠬᠦᠴᠡᠬᠦ ᠮᠡᠬᠡᠯᠡᠬᠦ ᠶᠢ ᠰᠡᠷᠬᠡᠶᠢᠯᠡᠬᠦ ᠮᠡᠳᠡᠯᠬᠡ ᠶᠢ ᠤᠬᠠᠭᠤᠯᠪᠠ
ᠨᠡᠶᠢᠲᠡᠯᠡᠭᠰᠡᠨ ᠴᠠᠭ᠄
2022/5/7
      ᠬᠠᠷᠢᠶᠠᠳᠤ ᠤᠷᠤᠨ ᠤ ᠮᠠᠯᠴᠢᠳ ᠤᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠰᠡᠷᠬᠡᠶᠢᠯᠡᠬᠦ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠵᠦ᠂ ᠮᠠᠯᠴᠢᠳ ᠤᠨ ᠮᠡᠬᠡᠯᠡᠯ ᠢ ᠡᠰᠡᠷᠬᠦᠴᠡᠬᠦ ᠤᠠᠬᠮᠰᠠᠷ ᠢ ᠤᠯᠠᠮ ᠨᠢᠬᠡ ᠠᠯᠬᠤᠮ ᠴᠢᠩᠭᠠᠳᠬᠠᠵᠤ᠂ ᠮᠠᠯᠴᠢᠨ ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠦᠯᠦᠬᠡ᠂ ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠡᠷᠳᠡᠨᠢᠪᠤᠯᠠᠭ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠭᠠᠴᠠᠭ᠎ᠠ ᠲᠤᠰᠬᠤᠨ ᠢᠶᠠᠷ ᠬᠦᠨᠵᠡᠬᠡᠶᠢᠷᠡᠨ ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃      ᠬᠤᠷᠠᠯ ᠲᠡᠭᠡᠷ᠎ᠡ ᠲᠤᠮᠢᠯᠠᠭᠰᠠᠨ ᠰᠠᠯᠪᠤᠷᠢ ᠶᠢᠨ ᠴᠠᠭᠳᠠᠭᠠᠴᠢᠳ ᠨᠢᠬᠡ ᠪᠦᠯᠦᠭ ᠦᠨᠡᠨ ᠪᠤᠳᠠᠳᠠᠢ ᠬᠡᠷᠡᠭ ᠤᠨ ᠵᠢᠱᠢᠶ᠎ᠠ ᠪᠠᠷ ᠶᠠᠯᠠᠳᠤ ᠡᠳᠡᠭᠡᠳ ᠤᠨ ᠶᠡᠷᠦ ᠶᠢᠨ ᠮᠡᠬᠡᠯᠡᠯ ᠤᠨ ᠠᠷᠭ᠎ᠠ ᠪᠠᠷᠢᠯ ᠢ ᠰᠢᠰᠲ᠋ᠧᠮᠴᠢᠯᠡᠨ ᠬᠤᠷᠢᠶᠠᠩᠭᠤᠶᠢᠯᠠᠵᠤ᠂ ᠮᠠᠯᠴᠢᠳ ᠲᠤ ᠮᠡᠬᠡᠯᠡᠬᠦ ᠶᠢ ᠡᠰᠡᠷᠬᠦᠴᠡᠬᠦ ᠮᠡᠬᠡᠯᠡᠬᠦ ᠶᠢ ᠰᠡᠷᠬᠡᠶᠢᠯᠡᠬᠦ ᠮᠡᠳᠡᠯᠬᠡ ᠪᠠ ᠮᠡᠬᠡᠯᠡᠯ ᠤᠨ ᠠᠷᠭ᠎ᠠ ᠪᠠᠷᠢᠯ ᠢ ᠶᠠᠷᠢᠵᠤ ᠦᠭᠬᠦᠭᠰᠡᠨ ᠪᠠᠶᠢᠨ᠎ᠠ᠃ ᠪᠠᠰᠠ ᠮᠠᠯᠴᠢᠳ ᠢ ᠵᠢᠯᠤᠭᠤᠳᠤᠨ ᠣᠯᠣᠰ ᠠᠴᠠ ᠮᠡᠬᠡᠯᠡᠯ ᠢ ᠡᠰᠡᠷᠬᠦᠴᠡᠬᠦ app ᠪᠠᠭᠤᠯᠭᠠᠵᠤ᠂ ᠮᠡᠬᠡᠯᠡᠭᠴᠢᠳ  ᠲᠤ ᠮᠡᠬᠡᠯᠡᠬᠦ ᠵᠠᠪᠰᠢᠶᠠᠨ ᠤᠯᠭᠤᠬᠤ ᠦᠬᠡᠢ ᠪᠠᠶᠢᠬᠤ ᠶᠢ ᠰᠠᠨᠠᠭᠤᠯᠪᠠ᠃ ᠬᠤᠷᠠᠯ ᠤᠨ ᠲᠠᠷᠠᠭ᠎ᠠ ᠲᠤᠮᠢᠯᠠᠭᠰᠠᠨ ᠰᠠᠯᠪᠤᠷᠢ ᠶᠢᠨ ᠴᠠᠭᠳᠠᠭᠠᠴᠢᠳ ᠮᠠᠯᠴᠢᠳ ᠲᠤ ᠮᠡᠬᠡᠯᠡᠯ  ᠢ ᠡᠰᠡᠷᠬᠦᠴᠡᠬᠦ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠭᠰᠠᠨ ᠤ ᠬᠠᠮᠳᠤ ᠮᠠᠯᠴᠢᠳ ᠲᠤ ᠡᠳᠦᠷ ᠲᠤᠳᠮ ᠤᠨ ᠠᠮᠢᠳᠤᠷᠠᠯ ᠲᠠᠢ ᠨᠢᠭᠳᠠ ᠬᠤᠯᠪᠤᠭ᠎ᠠ ᠲᠠᠢ ᠠᠮᠤᠷ ᠲᠦᠪᠰᠢᠨ ᠤ ᠰᠡᠷᠬᠡᠶᠢᠯᠡᠯᠳᠡ ᠶᠢᠨ ᠮᠡᠳᠡᠯᠬᠡ ᠶᠢ ᠶᠠᠷᠢᠵᠤ ᠦᠭᠴᠡᠢ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠤᠯᠠᠨ ᠲᠦᠮᠡᠨ ᠤ ᠮᠡᠬᠡᠯᠡᠬᠦ ᠶᠢ ᠡᠰᠡᠷᠬᠦᠴᠡᠬᠦ ᠮᠡᠬᠡᠯᠡᠬᠦ ᠶᠢ ᠰᠡᠷᠬᠡᠶᠢᠯᠡᠬᠦ ᠴᠢᠳᠠᠪᠤᠷᠢ ᠶᠢ ᠦᠨᠡᠨᠬᠦ ᠨᠡᠮᠡᠭᠳᠡᠬᠦᠯᠦᠭᠰᠡᠨ ᠪᠦᠬᠡᠳ ᠮᠠᠯᠴᠢᠨ ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠵᠦ᠂ ᠪᠦᠬᠦ ᠠᠷᠠᠳ ᠢᠶᠠᠷ ᠢᠶᠠᠨ ᠮᠡᠬᠡᠯᠡᠯ ᠢ ᠡᠰᠡᠷᠬᠦᠴᠡᠬᠦ ᠤᠠᠬᠮᠰᠠᠷ ᠢ ᠪᠠᠳᠤᠳᠬᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ