ᠡᠨᠡ ᠳᠦᠷᠪᠡᠨ ᠵᠦᠢᠯ ᠤᠨ ᠨᠣᠭᠤᠭ᠎ᠠ ᠶᠢ ᠦᠷᠭᠦᠯᠵᠢ ᠢᠳᠡᠪᠡᠯ ᠤᠷᠲᠤ ᠨᠠᠰᠤᠯᠠᠨ᠎ᠠ
ᠨᠡᠶᠢᠲᠡᠯᠡᠭᠰᠡᠨ ᠴᠠᠭ᠄
2022/5/7
     ᠡᠨᠡ ᠳᠦᠷᠪᠡᠨ ᠵᠦᠢᠯ ᠤᠨ ᠨᠣᠭᠤᠭ᠎ᠠ ᠶᠢ ᠦᠷᠭᠦᠯᠵᠢ ᠢᠳᠡᠪᠡᠯ ᠤᠷᠲᠤ ᠨᠠᠰᠤᠯᠠᠨ᠎ᠠ᠄            1.ᠬᠠᠶᠢᠳᠠᠢ ᠨᠣᠭᠤᠬ᠎ᠠ ᠴᠢᠰᠤᠨ ᠤ ᠥᠭᠡᠬᠦ ᠶᠢ ᠪᠠᠭᠤᠷᠠᠭᠤᠯᠤᠨ᠎ᠠ᠃ ᠬᠠᠶᠢᠳᠠᠢ ᠨᠣᠭᠤᠭ᠎ᠠ ᠳᠤ ᠪᠦᠳᠦᠭᠦᠯᠢᠭ ᠤᠭᠤᠷᠠᠭ᠂ ᠰᠢᠬᠢᠷ᠂ ᠺᠠᠯᠼ ᠵᠡᠷᠭᠡ ᠡᠯᠪᠡᠭ ᠠᠭᠤᠯᠤᠭᠳᠠᠵᠤ᠂  ᠠᠭᠤᠯᠤᠭᠳᠠᠴᠠ ᠨᠢ ᠦᠷᠭᠡᠰᠦᠲᠦ ᠨᠣᠭᠤᠭ᠎ᠠ᠂ ᠰᠢᠯᠢᠮᠳᠡᠭ ᠤᠨ ᠬᠡᠳᠦᠨ ᠳᠠᠬᠢᠨ ᠪᠠᠶᠢᠳᠠᠭ᠃ ᠪᠡᠭᠡᠵᠢᠩ ᠬᠤᠲᠠ ᠶᠢᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠪᠡᠶ᠎ᠡ ᠰᠤᠪᠢᠯᠠᠬᠤ ᠲᠠᠰᠤᠭ ᠤᠨ ᠫᠷᠣᠹᠧᠰᠰᠣᠷ ᠵᠠᠩ ᠬᠤ᠋ ᠳ᠋ᠧ ᠵᠢᠭᠠᠵᠤ ᠭᠠᠷᠭᠠᠭᠰᠠᠨ ᠨᠢ᠂ ᠬᠠᠶᠢᠳᠠᠢ ᠨᠣᠭᠤᠭ᠎ᠠ ᠳᠤ ᠠᠭᠤᠯᠤᠭᠳᠠᠬᠤ ᠬᠦᠷᠡᠩ ᠵᠠᠮᠠᠭ ᠤᠨ ᠬᠦᠴᠢᠯ ᠤᠨ ᠨᠠᠲᠷᠢ ᠨᠢ  ᠴᠢᠰᠤᠨ ᠳᠠᠷᠤᠯᠲᠠ ᠶᠢ ᠳᠣᠷᠣᠭᠰᠢᠯᠠᠭᠤᠯᠬᠤ ᠦᠢᠯᠡᠳᠦᠯ ᠲᠠᠢ ᠪᠠᠷ ᠪᠠᠷᠠᠬᠤ ᠦᠭᠡᠢ ᠴᠢᠰᠤ ᠴᠠᠶᠢᠬᠤ ᠡᠪᠡᠳᠴᠢᠨ ᠪᠠ ᠶᠠᠰᠤ ᠡᠪᠡᠳᠬᠦ ᠡᠪᠡᠳᠴᠢᠨ ᠢ ᠰᠡᠷᠭᠡᠶᠢᠯᠡᠬᠦ ᠳᠤ ᠪᠠᠰᠠ ᠵᠣᠬᠢᠬᠤ ᠦᠢᠯᠡᠳᠦᠯ ᠲᠠᠢ︔ ᠬᠠᠶᠢᠳᠠᠢ ᠨᠣᠭᠤᠭ᠎ᠠ ᠶᠢᠨ ᠴᠠᠷᠳᠠᠭᠤᠯ ᠨᠢ ᠴᠢᠰᠤᠨ ᠤ ᠥᠭᠡᠬᠦ ᠶᠢ ᠪᠠᠭᠤᠷᠠᠭᠤᠯᠬᠤ ᠦᠢᠯᠡᠳᠦᠯ ᠲᠠᠢ᠂ ᠯᠤᠭᠰᠢᠭᠤᠨ ᠰᠤᠳᠠᠯ ᠤᠨ ᠬᠠᠲᠠᠭᠤᠵᠢᠯ ᠢ  ᠰᠡᠷᠭᠡᠶᠢᠯᠡᠬᠦ ᠪᠠ ᠰᠦᠰᠦᠨ ᠤ ᠭᠤᠨᠠᠨ ᠠᠯᠺᠤᠤᠯ ᠢ ᠪᠠᠭᠤᠷᠠᠭᠤᠯᠬᠤ ᠳᠤ ᠲᠤᠰᠠᠲᠠᠢ᠃ ︵ᠬᠤᠯᠢᠮᠠᠭ ᠬᠦᠢᠲᠡᠨ ᠵᠠᠭᠤᠰᠢ ᠬᠢᠬᠦ ᠪᠤᠶᠤ ᠱᠦᠯᠦ ᠭᠠᠷᠭᠠᠵᠤ ᠢᠳᠡᠬᠦ ᠨᠢ ᠪᠠᠶᠢᠩᠭᠤ ᠶᠢᠨ ᠢᠳᠡᠬᠦ ᠠᠷᠭ᠎ᠠ ᠪᠤᠯᠪᠠᠴᠤ ᠳᠡᠯᠢᠬᠦᠦ ᠬᠤᠳᠣᠭᠤᠳᠤ ᠶᠢᠨ ᠰᠡᠷᠢᠭᠦᠨ ᠬᠦᠢᠲᠡᠨ ᠲᠠᠢ ᠬᠦᠮᠦᠨ ᠪᠤᠶᠤ ᠵᠢᠷᠮᠦᠰᠦᠨ ᠡᠮᠡᠭᠳᠡᠢ ᠠᠷᠪᠢᠨ ᠢᠳᠡᠵᠦ ᠪᠣᠯᠬᠤ ᠦᠭᠡᠢ᠃︶          2. ᠦᠨᠳᠡᠭᠡᠨ ᠮᠥᠭᠦ ᠤᠮᠠᠨ ᠡᠪᠡᠳᠴᠢᠨ ᠢ ᠰᠡᠷᠭᠡᠶᠢᠯᠡᠨ᠎ᠡ᠃  ᠵᠠᠩ ᠬᠤ᠋ ᠳ᠋ᠧ ᠬᠡᠯᠡᠭᠰᠡᠨ ᠨᠢ᠂ ᠥᠨᠳᠡᠭᠡᠨ ᠮᠥᠭᠦ ᠶᠢ ᠠᠷᠠᠳ ᠤᠨ ᠳᠤᠮᠳᠠ ᠶᠡᠷᠦ ᠳᠤ ᠪᠠᠨ ᠲᠣᠯᠣᠭᠠᠢ ᠡᠪᠡᠳᠬᠦ᠂ ᠲᠣᠯᠣᠭᠠᠢ ᠡᠷᠭᠢᠬᠦ ᠶᠢ ᠵᠠᠰᠠᠬᠤ ᠳᠤ ᠬᠡᠷᠡᠭᠯᠡᠳᠡᠭ᠃ ᠣᠳᠣ ᠦᠶ᠎ᠡ ᠶᠢᠨ ᠰᠤᠳᠤᠯᠭᠠᠨ ᠢᠶᠠᠷ ᠳᠠᠮᠵᠢᠨ ᠥᠨᠳᠡᠭᠡᠨ ᠮᠥᠭᠦ ᠨᠢ ᠬᠦᠮᠦᠨ ᠤ ᠪᠡᠶ᠎ᠡ ᠶᠢᠨ ᠡᠭᠡᠯᠢᠯᠡᠭᠡ ᠶᠢᠨ ᠠᠵᠢᠯᠯᠠᠭ᠎ᠠ ᠶᠢ ᠲᠣᠬᠢᠷᠠᠭᠤᠯᠵᠤ᠂ ᠬᠠᠪᠤᠳᠠᠷ ᠡᠭᠦᠰᠬᠡᠬᠦ  ᠪᠣᠯᠣᠯᠴᠠᠭ᠎ᠠ ᠶᠢ ᠪᠠᠭᠤᠷᠠᠭᠤᠯᠤᠨ᠂ ᠦᠮᠠᠨ ᠢ ᠰᠡᠷᠭᠡᠶᠢᠯᠡᠬᠦ᠂ ᠦᠮᠠᠨ ᠲᠠᠢ ᠲᠡᠮᠡᠴᠡᠬᠦ ᠦᠢᠯᠡᠳᠦᠯ ᠭᠠᠷᠭᠠᠨ᠎ᠠ᠃         3. ᠣᠶᠢᠮ᠎ᠠ ᠨᠣᠭᠤᠭ᠎ᠠ ᠦᠷᠪᠢᠰᠦᠯ ᠢ ᠠᠷᠢᠯᠭᠠᠨ᠎ᠠ᠃  ᠵᠠᠩ ᠬᠤ᠋ ᠳ᠋ᠧ ᠬᠡᠯᠡᠭᠰᠡᠨ ᠨᠢ᠄ ︽ᠣᠶᠢᠮ᠎ᠠ ᠨᠣᠭᠤᠭ᠎ᠠ ᠳᠤ ᠤᠭᠤᠷᠠᠭ᠂ ᠥᠭᠡᠬᠦ᠂ ᠰᠢᠬᠢᠷ ᠤᠨ ᠵᠦᠢᠯ᠂  ᠡᠷᠦᠳᠡᠰᠦᠨ ᠪᠤᠳᠠᠰ ᠬᠢᠭᠡᠳ ᠣᠯᠠᠨ ᠵᠦᠢᠯ ᠤᠨ ᠸᠢᠲ᠋ᠠᠮᠢᠨ ᠡᠯᠪᠡᠭ ᠠᠭᠤᠯᠤᠭᠳᠠᠵᠤ᠂ ᠰᠢᠮ᠎ᠡ ᠲᠡᠵᠢᠭᠡᠯ ᠰᠠᠶᠢᠲᠠᠢ᠃︾ ᠣᠶᠢᠮ᠎ᠠ ᠨᠣᠭᠤᠭ᠎ᠠ ᠳᠣᠲᠣᠷᠠᠬᠢ ᠣᠶᠢᠮ᠎ᠠ ᠨᠣᠭᠤᠭ᠎ᠠ ᠶᠢᠨ ᠡᠳ᠋ ᠨᠢ ᠪᠠᠺᠲ᠋ᠧᠷᠢ ᠶᠢ ᠬᠤᠷᠢᠬᠯᠠᠬᠤ ᠦᠢᠯᠡᠳᠦᠯ ᠲᠠᠢ  ᠮᠦᠷᠲᠡᠭᠡᠨ ᠬᠠᠯᠠᠭᠤᠨ ᠢ ᠠᠷᠢᠯᠭᠠᠬᠤ ᠬᠤᠣᠷ ᠢ ᠲᠠᠶᠢᠯᠬᠤ᠂ ᠪᠠᠺᠲ᠋ᠧᠷᠢ ᠠᠯᠠᠵᠤ ᠦᠷᠪᠢᠰᠦᠯ ᠢ ᠳᠠᠷᠤᠬᠤ ᠳᠤ  ᠨᠡᠯᠢᠶᠡᠳ ᠰᠠᠶᠢᠨ ᠦᠢᠯᠡᠳᠦᠯ ᠲᠠᠢ ᠪᠠᠶᠢᠵᠦ᠂ ᠬᠠᠯᠠᠭᠤᠷᠠᠬᠤ᠂ ᠨᠠᠮᠤᠰᠤ᠂ ᠶᠠᠷ᠎ᠠ ᠵᠡᠷᠭᠡ ᠡᠪᠡᠳᠴᠢᠨ ᠳᠤ ᠴᠦᠮ  ᠵᠣᠬᠢᠬᠤ ᠡᠮᠨᠡᠨ ᠵᠠᠰᠠᠬᠤ ᠦᠢᠯᠡᠳᠦᠯ ᠲᠠᠢ᠃         4. ᠨᠠᠷᠠᠨ ᠨᠣᠭᠤᠭ᠎ᠠ ᠪᠠᠺᠲ᠋ᠧᠷᠢ ᠶᠢ ᠠᠯᠠᠨ᠎ᠠ᠃ ︽ᠨᠠᠷᠠᠨ ᠨᠣᠭᠤᠭ᠎ᠠ ᠳᠤ ᠤᠭᠤᠷᠠᠭ᠂ ᠥᠭᠡᠬᠦ᠂ ᠰᠢᠬᠢᠷ᠂ ᠪᠦᠳᠦᠭᠦᠯᠢᠭ ᠰᠢᠷᠬᠡᠭᠯᠢᠭ ᠵᠢᠴᠢ ᠺᠠᠯᠼ᠂ ᠹᠣᠰᠹᠣᠷ ᠂ ᠲᠡᠮᠦᠷ ᠵᠡᠷᠭᠡ ᠣᠯᠠᠨ ᠵᠦᠢᠯ ᠤᠨ ᠰᠢᠮ᠎ᠡ ᠲᠡᠵᠢᠭᠡᠯᠲᠦ ᠪᠦᠷᠢᠯᠳᠦᠭᠦᠨ ᠠᠭᠤᠯᠤᠭᠳᠠᠬᠤ ᠠᠴᠠ ᠭᠠᠳᠠᠨ᠎ᠠ᠂ ᠲᠡᠭᠦᠨ ᠤ  ᠲᠤᠰ ᠪᠡᠶ᠎ᠡ ᠨᠢ ᠳᠠᠷᠤᠢ ᠮᠠᠰᠢ ᠰᠠᠶᠢᠨ ᠡᠮ ᠤᠨ ᠦᠢᠯᠡᠳᠦᠯ ᠲᠠᠢ ᠶᠤᠮ︾᠃ ᠵᠠᠩ  ᠬᠤ᠋ ᠳ᠋ᠧ ᠶᠢᠨ ᠬᠡᠯᠡᠬᠦ ᠪᠠᠷ᠂ ᠨᠠᠷᠠᠨ ᠨᠣᠭᠤᠭ᠎ᠠ ᠳᠤ ᠶᠡᠭᠡ ᠬᠡᠮᠵᠢᠶᠡᠨ ᠤ ᠮᠣᠯᠲ᠋ᠢᠭᠦᠷ ᠪᠥᠭᠡᠷ᠎ᠡ ᠶᠢᠨ ᠳᠡᠭᠡᠳᠦ ᠪᠣᠯᠴᠢᠷᠬᠠᠢ ᠶᠢᠨ ᠡᠳ᠋᠂ ᠺᠠᠯᠢ ᠶᠢᠨ ᠳᠠᠪᠤᠰᠤ ᠵᠢᠴᠢ ᠨᠢᠮᠪᠡᠭᠡ ᠶᠢᠨ ᠬᠦᠴᠢᠯ ᠪᠠ ᠠᠯᠮᠤᠷᠠᠳ ᠤᠨ ᠬᠦᠴᠢᠯ ᠵᠡᠷᠭᠡ ᠠᠭᠤᠯᠤᠭᠳᠠᠵᠤ᠂ ᠴᠢᠰᠤᠨ ᠰᠢᠬᠢᠷ ᠤᠨ ᠲᠣᠭᠲᠠᠭᠤᠨ ᠪᠠᠶᠢᠳᠠᠯ ᠢ ᠪᠠᠲᠤᠯᠠᠨ᠂ ᠴᠢᠰᠤᠨ ᠳᠠᠷᠤᠯᠲᠠ ᠶᠢ ᠪᠠᠭᠤᠷᠠᠭᠤᠯᠵᠤ᠂ ᠵᠢᠷᠦᠬᠡ ᠶᠢ ᠬᠠᠮᠠᠭᠠᠯᠠᠬᠤ  ᠦᠢᠯᠡᠳᠦᠯ ᠲᠠᠢ᠃                                             
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ