ᠦᠷᠬᠦᠯᠵᠢ ᠴᠤᠩᠬᠤ ᠪᠠᠨ ᠨᠡᠬᠡᠬᠡᠵᠤ ᠰᠠᠯᠬᠢ ᠨᠡᠪᠳᠡᠷᠡᠬᠦᠯᠵᠤ ᠪᠠᠶᠢᠬᠤ ᠬᠡᠷᠡᠭᠳᠡᠢ
ᠨᠡᠶᠢᠲᠡᠯᠡᠭᠰᠡᠨ ᠴᠠᠭ᠄
2022/5/7
     ᠠᠮᠢᠳᠤᠷᠠᠯ ᠨᠠᠷᠠᠨ ᠤ ᠬᠡᠷᠡᠯ᠂ ᠠᠭᠠᠷ ᠪᠠ ᠤᠰᠤᠨ ᠠᠴᠠ ᠰᠠᠯᠵᠤ ᠴᠢᠳᠠᠬᠤ ᠦᠭᠡᠢ᠃ ᠨᠠᠷᠠᠨ ᠤ ᠬᠡᠷᠡᠯ ᠢ  ᠬᠦᠢᠴᠡᠳ ᠡᠳ᠋ᠯᠡᠨ᠂ ᠠᠷᠢᠭᠤᠨ ᠴᠡᠪᠡᠷ ᠠᠭᠠᠷ ᠢᠶᠠᠷ ᠠᠮᠢᠰᠬᠤᠬᠤ ᠨᠢ ᠡᠷᠡᠬᠦᠯ ᠮᠡᠨᠳᠤ ᠪᠠᠨ ᠬᠠᠮᠠᠭᠠᠯᠠᠬᠤ ᠳᠤ  ᠳᠤᠳᠠᠭᠳᠠᠵᠤ ᠪᠤᠯᠤᠰᠢ ᠦᠭᠡᠢ ᠶᠠᠪᠤᠳᠠᠯ ᠮᠥᠨ᠃            ᠨᠠᠷᠠᠨ ᠤ ᠬᠡᠷᠡᠯ ᠨᠢ ᠬᠦᠮᠦᠨ ᠳᠤ ᠬᠡᠷᠡᠯ ᠬᠡᠬᠡ ᠪᠠ ᠬᠠᠯᠠᠭᠤᠨ ᠪᠦᠯᠢᠶᠠᠨ ᠢ ᠰᠤᠶᠤᠷᠬᠠᠳᠠᠭ ᠳᠠᠳᠦᠢ ᠦᠭᠡᠢ᠂ ᠤᠷᠮ᠎ᠠ ᠵᠤᠷᠢᠭ ᠢ ᠬᠦᠭᠵᠢᠬᠡᠨ᠂ ᠠᠵᠢᠯ ᠰᠤᠷᠤᠯᠭ᠎ᠠ ᠶᠢᠨ ᠦᠷ᠎ᠡ ᠪᠦᠳᠦᠮᠵᠢ ᠶᠢ ᠳᠡᠭᠡᠭᠰᠢᠯᠡᠬᠦᠯᠬᠦ ᠳᠤ ᠴᠦ ᠰᠠᠶᠢᠨ ᠦᠢᠯᠡᠴᠢᠯᠡᠳᠡᠭ ᠶᠤᠮ᠃ ᠨᠠᠷᠠᠨ ᠤ ᠬᠡᠷᠡᠯ ᠳᠤᠳᠤᠷᠠᠬᠢ ᠬᠡᠳᠦ ᠬᠦᠷᠡᠩ ᠰᠠᠴᠤᠷᠠᠭ ᠨᠢ ᠬᠦᠮᠦᠨ ᠤ ᠪᠡᠶ᠎ᠡ ᠳᠤ ᠸᠢᠲ᠋ᠠᠮᠢᠨ D ᠨᠡᠶᠢᠯᠡᠬᠦᠯᠬᠦ ᠳᠤ ᠳᠤᠰᠠᠯᠠᠳᠠᠭ᠃ ᠸᠢᠲ᠋ᠠᠮᠢᠨ D ᠨᠢ ᠬᠦᠮᠦᠨ ᠤ ᠪᠡᠶ᠎ᠡ ᠶᠢᠨ ᠺᠠᠯᠼ ᠰᠢᠩᠬᠡᠬᠡᠬᠦ ᠶᠢ ᠠᠬᠢᠭᠤᠯᠳᠠᠭ ᠪᠤᠯᠬᠤᠷ ᠵᠤᠬᠢᠰᠳᠠᠢ ᠪᠠᠷ ᠨᠠᠷᠠᠨ ᠳᠤ ᠪᠡᠶ᠎ᠡ ᠪᠠᠨ ᠡᠬᠡᠬᠡᠬᠦ ᠨᠢ ᠨᠢᠯᠬ᠎ᠠ ᠬᠡᠥᠬᠡᠳ ᠤᠨ ᠶᠠᠰᠤ ᠵᠦᠬᠡᠯᠡᠷᠡᠬᠦ ᠡᠪᠡᠳᠴᠢᠨ ᠢ ᠰᠡᠷᠬᠡᠶᠢᠯᠡᠵᠤ᠂ ᠬᠡᠥᠬᠡᠳ ᠪᠠᠭᠠᠴᠤᠳ ᠤᠨ ᠬᠡᠪ ᠤᠨ ᠦᠰᠦᠯᠳᠠ ᠪᠤᠶᠢᠵᠢᠯᠳᠠ ᠶᠢ ᠬᠠᠮᠠᠭᠠᠯᠠᠵᠤ᠂ ᠨᠠᠰᠤᠨ ᠳᠤ  ᠬᠦᠷᠦᠭᠰᠡᠳ ᠤᠨ ᠺᠠᠯᠼ ᠳᠤᠳᠠᠬᠤ ᠶᠢ ᠰᠡᠷᠬᠡᠶᠢᠯᠡᠵᠤ᠂ ᠶᠠᠰᠤᠨ ᠤ ᠡᠳ᠋ ᠵᠦᠬᠡᠯᠡᠷᠡᠬᠦ ᠡᠪᠡᠳᠴᠢᠨ᠂ ᠨᠢᠷᠤᠭᠤ ᠰᠠᠬᠡᠷ ᠤᠨ ᠡᠪᠡᠳᠴᠢᠨ᠂ ᠬᠦᠵᠦᠬᠦᠨ ᠤ ᠶᠠᠰᠤᠨ ᠤ ᠡᠪᠡᠳᠴᠢᠨ ᠵᠡᠷᠬᠡ ᠶᠢ ᠤᠯᠬᠤ ᠶᠢ ᠴᠦᠬᠡᠳᠬᠡᠨ᠎ᠡ᠃ ᠨᠠᠷᠠᠨ ᠤ  ᠬᠡᠷᠡᠯ ᠳᠤᠳᠤᠷᠠᠬᠢ ᠬᠡᠳᠦ ᠬᠦᠷᠡᠩ ᠰᠠᠴᠤᠷᠠᠭ ᠨᠢ ᠪᠠᠺᠲ᠋ᠧᠷᠢ ᠠᠯᠠᠬᠤ ᠦᠢᠯᠡᠳᠦᠯ ᠢᠶᠠᠷ ᠰᠠᠶᠢᠨ ᠪᠤᠯᠬᠤᠷ ᠤᠬᠤᠷᠬᠠᠨ  ᠴᠠᠭ ᠤᠨ ᠳᠤᠳᠤᠷ᠎ᠠ ᠠᠭᠤᠰᠬᠢᠨ ᠤ ᠦᠷᠪᠢᠰᠦᠯ ᠤᠨ ᠬᠡᠯᠬᠢᠶ᠎ᠡ ᠪᠦᠮᠪᠦᠬᠡᠨ ᠪᠠᠺᠲ᠋ᠧᠷᠢ᠂ ᠰᠦᠷᠢᠶ᠎ᠡ ᠶᠢᠨ ᠰᠠᠪᠬᠠᠨᠴᠢᠷ  ᠪᠠᠺᠲ᠋ᠧᠷᠢ᠂ ᠡᠯᠢᠬᠡᠨ ᠤ A ᠦᠷᠪᠢᠰᠦᠯ ᠤᠨ ᠸᠢᠷᠦ᠋ᠰ ᠵᠡᠷᠬᠡ ᠤᠯᠠᠨ ᠵᠦᠢᠯ ᠤᠨ ᠡᠪᠡᠳᠴᠢᠨ ᠡᠬᠦᠰᠬᠡᠭᠴᠢ ᠬᠤᠮᠠᠬᠢ ᠠᠮᠢᠳᠤ ᠪᠤᠳᠠᠰ ᠢ ᠠᠯᠠᠵᠤ ᠴᠢᠳᠠᠨ᠎ᠠ᠃ ᠨᠠᠷᠠᠨ ᠤ ᠬᠡᠷᠡᠯ ᠨᠢ ᠤᠰᠤᠨ ᠤ ᠠᠭᠤᠷ ᠪᠤᠯᠤᠨ ᠳᠡᠭᠳᠡᠬᠦ ᠶᠢ ᠠᠬᠢᠭᠤᠯᠳᠠᠭ ᠳᠤᠯᠠ ᠦᠷᠦᠬᠡᠨ ᠳᠡᠭᠡᠨ ᠨᠠᠷᠠᠨ ᠤ ᠬᠡᠷᠡᠯ ᠦᠷᠬᠦᠯᠵᠢ ᠳᠤᠰᠬᠠᠵᠤ ᠪᠠᠶᠢᠪᠠᠯ ᠦᠷᠦᠬᠡ ᠬᠠᠭᠤᠷᠠᠢ ᠴᠡᠪᠡᠷᠬᠡᠨ ᠪᠠᠶᠢᠵᠤ᠂  ᠪᠠᠺᠲ᠋ᠧᠷᠢ᠂ ᠬᠦᠬᠡᠴᠤ ᠦᠷᠡᠵᠢᠬᠦ ᠶᠢ ᠪᠠᠭᠠᠰᠬᠠᠬᠤ ᠪᠤᠯᠬᠤᠷ ᠡᠬᠦᠳᠡ ᠴᠤᠩᠬᠤ ᠪᠠᠨ ᠦᠷᠬᠦᠯᠵᠢ ᠨᠡᠬᠡᠬᠡᠵᠤ ᠨᠠᠷᠠᠨ ᠤ ᠬᠡᠷᠡᠯ ᠢ ᠦᠷᠦᠬᠡᠨ ᠳᠡᠭᠡᠨ ᠳᠤᠰᠬᠠᠬᠤ ᠮᠦᠷᠳᠡᠬᠡᠨ ᠬᠦᠨᠵᠢᠯᠡ ᠳᠠᠪᠢᠰᠬᠡᠷ᠂ ᠬᠤᠪᠴᠠᠰᠤ ᠬᠤᠨᠠᠷ ᠢᠶᠠᠨ ᠢᠯᠡᠬᠦᠦ  ᠤᠬᠢᠶᠠᠵᠤ ᠨᠠᠷᠠᠨ ᠳᠤ ᠰᠠᠶᠢᠨ ᠡᠬᠡᠬᠡᠬᠦ ᠨᠢ ᠨᠠᠷᠠᠨ ᠤ ᠬᠡᠷᠡᠯ ᠢᠶᠠᠷ ᠪᠠᠺᠲ᠋ᠧᠷᠢ ᠠᠯᠠᠬᠤ ᠪᠠ ᠠᠷᠢᠭᠤᠳᠬᠠᠬᠤ ᠳᠤ  ᠳᠤᠰᠠᠯᠠᠳᠠᠭ᠃            ᠡᠬᠦᠳᠡ ᠴᠤᠩᠬᠤ ᠪᠠᠨ ᠦᠷᠬᠦᠯᠵᠢ ᠨᠡᠬᠡᠬᠡᠵᠤ ᠠᠭᠠᠷ ᠨᠡᠪᠳᠡᠷᠡᠬᠦᠯᠪᠡᠯ ᠦᠷᠦᠬᠡᠨ ᠭᠠᠳᠠᠨᠠᠬᠢ ᠰᠢᠨ᠎ᠡ ᠰᠤᠷᠭᠤᠭ  ᠠᠭᠠᠷ ᠤᠷᠤᠵᠤ ᠢᠷᠡᠬᠡᠳ᠂ ᠠᠭᠠᠷ ᠲᠠᠬᠢ ᠬᠤᠮᠠᠬᠢ ᠠᠮᠢᠳᠤ ᠪᠤᠳᠠᠰ ᠰᠠᠶᠢᠷᠡᠭᠵᠢᠬᠦ ᠪᠠ ᠠᠷᠢᠯᠵᠤ᠂ ᠬᠦᠮᠦᠰ ᠪᠤᠬᠢᠷ  ᠬᠤᠤᠷᠳᠠᠢ ᠠᠭᠠᠷ ᠢᠶᠠᠷ ᠳᠠᠬᠢᠨ ᠠᠮᠢᠰᠬᠤᠬᠤ ᠦᠭᠡᠢ ᠪᠤᠯᠳᠠᠭ᠃            ᠡᠬᠦᠳᠡ ᠴᠤᠩᠬᠤ ᠪᠠᠨ ᠦᠷᠬᠦᠯᠵᠢ ᠨᠡᠬᠡᠬᠡᠳᠡᠭ ᠵᠠᠩᠰᠢᠯ ᠲᠠᠢ ᠪᠤᠯᠬᠤ ᠬᠡᠷᠡᠭᠳᠡᠢ᠃ ᠬᠠᠬᠢᠷ ᠬᠦᠢᠳᠡᠨ ᠡᠪᠦᠯ ᠳᠤ  ᠴᠦ ᠡᠳᠦᠷ ᠪᠦᠷᠢ ᠴᠤᠩᠬᠤ ᠪᠠᠨ ᠨᠡᠬᠡᠬᠡᠵᠤ ᠠᠭᠠᠷ ᠨᠡᠪᠳᠡᠷᠡᠬᠦᠯᠦᠨ᠎ᠡ᠂ ᠦᠷᠯᠦᠬᠡ᠂ ᠦᠳᠡ᠂ ᠤᠷᠤᠢ ᠳᠤᠰ ᠳᠤᠰ  ᠨᠢᠬᠡ ᠤᠳᠠᠭ᠎ᠠ᠂ ᠤᠳᠠᠭ᠎ᠠ ᠪᠦᠷᠢ ᠳᠤ 15 — 20 ᠮᠢᠨᠦ᠋ᠲ ᠨᠡᠬᠡᠬᠡᠪᠡᠯ ᠬᠠᠮᠤᠭ ᠰᠠᠶᠢᠨ᠃ ᠢᠯᠠᠩᠭᠤᠶ᠎ᠠ ᠡᠪᠦᠯ  ᠡᠳᠦᠷ ᠪᠦᠷᠢ ᠴᠤᠩᠬᠤ ᠪᠠᠨ 10 — 30 ᠮᠢᠨᠦ᠋ᠲ ᠨᠡᠬᠡᠬᠡᠵᠤ ᠠᠭᠠᠷ ᠨᠡᠪᠳᠡᠷᠡᠬᠦᠯᠬᠦ ᠬᠡᠷᠡᠭᠳᠡᠢ᠃ ᠴᠤᠩᠬᠤ ᠪᠠᠨ  ᠨᠡᠬᠡᠬᠡᠬᠦ ᠴᠠᠭ ᠨᠢ ᠦᠳᠡ ᠶᠢᠨ ᠡᠮᠦᠨᠡᠬᠢ 9᠄ 00 — 11᠄ 00 ᠴᠠᠭ ᠪᠤᠶᠤ ᠦᠳᠡ ᠶᠢᠨ ᠬᠤᠶᠢᠨᠡᠬᠢ 2᠄  00 — 4᠄ 00 ᠴᠠᠭ ᠲᠤ ᠪᠠᠶᠢᠪᠠᠯ ᠰᠠᠶᠢᠨ ᠬᠡᠵᠤ ᠵᠠᠷᠢᠮ ᠬᠦᠮᠦᠨ ᠦᠵᠡᠵᠤ ᠪᠤᠢ᠂ ᠡᠨᠡ ᠴᠠᠭ ᠲᠤ ᠠᠭᠤᠷ  ᠠᠮᠢᠰᠬᠤᠯ ᠳᠤᠯᠠᠭᠠᠨ ᠪᠤᠯᠵᠤ᠂ ᠶᠡᠭᠡ ᠠᠭᠠᠷ ᠮᠠᠨᠳᠠᠯ ᠳᠤ ᠳᠤᠨᠵᠤ ᠪᠠᠶᠢᠭᠰᠠᠨ ᠬᠤᠤᠷ ᠲᠠᠢ ᠬᠡᠢ ᠪᠤᠳᠠᠰ ᠰᠠᠷᠨᠢᠭᠠᠳ᠂  ᠴᠤᠩᠬᠤ ᠪᠠᠨ ᠨᠡᠬᠡᠬᠡᠵᠤ ᠠᠭᠠᠷ ᠨᠡᠪᠳᠡᠷᠡᠬᠦᠯᠬᠦ ᠳᠤ ᠨᠠᠯᠢᠶᠠᠳ ᠰᠠᠶᠢᠨ ᠪᠠᠶᠢᠳᠠᠭ ᠪᠤᠯᠬᠤᠷ ᠢᠩᠭᠢᠵᠤ ᠬᠡᠯᠡᠳᠡᠭ ᠶᠤᠮ᠃  ᠠᠭᠠᠷ ᠳᠤᠬᠢᠷᠠᠭᠤᠯᠤᠭᠴᠢ ᠬᠡᠷᠡᠭᠯᠡᠵᠤ ᠪᠠᠶᠢᠭ᠎ᠠ ᠪᠠᠶᠢᠰᠢᠩ ᠳᠤ ᠠᠭᠠᠷ ᠰᠠᠯᠬᠢ ᠨᠡᠪᠳᠡᠷᠡᠬᠦᠯᠬᠦ ᠶᠢ ᠠᠩᠬᠠᠷᠴᠤ ᠳᠤᠭᠳᠠᠮᠠᠯ ᠬᠤᠭᠤᠴᠠᠭ᠎ᠠ ᠲᠠᠢ ᠪᠠᠷ ᠠᠭᠠᠷ ᠳᠤᠬᠢᠷᠠᠭᠤᠯᠤᠭᠴᠢ ᠪᠠᠨ ᠴᠡᠪᠡᠷᠯᠡᠬᠦ ᠬᠡᠷᠡᠭᠳᠡᠢ᠃           ᠦᠷᠦᠬᠡᠨ ᠳᠠᠬᠢ ᠠᠭᠠᠷ ᠪᠤᠬᠢᠷᠳᠤᠬᠤ ᠠᠴᠠ ᠰᠠᠷᠬᠡᠶᠢᠯᠡᠬᠦ ᠶᠢᠨ ᠳᠦᠯᠦᠬᠡ᠂ ᠦᠷᠦᠬᠡᠨ ᠳᠤ ᠳᠠᠮᠠᠬᠢ ᠳᠠᠳᠠᠬᠤ ᠦᠭᠡᠢ ᠪᠦᠬᠡᠳ ᠦᠷᠬᠦᠯᠵᠢ ᠦᠷᠦᠬᠡ ᠪᠠᠨ ᠠᠷᠢᠯᠭᠠᠨ ᠴᠡᠪᠡᠷᠯᠡᠵᠤ ᠪᠠᠶᠢᠬᠤ ᠬᠡᠷᠡᠭᠳᠡᠢ᠃ ᠱᠠᠯᠠ ᠴᠡᠪᠡᠷᠯᠡᠬᠦ ᠳᠡᠭᠡᠨ  ᠳᠤᠳᠠᠭᠤ ᠱᠦᠬᠦᠷᠳᠡᠵᠤ ᠢᠯᠡᠬᠦᠦ ᠵᠦᠯᠬᠦᠨ᠂ ᠨᠤᠷᠭᠠᠭᠠᠳ ᠰᠠᠶᠢᠨ ᠬᠠᠳᠠᠭᠠᠨ᠎ᠠ᠃ ᠳᠤᠭᠤᠭᠠᠨ ᠬᠡᠷ ᠤᠨ ᠠᠭᠠᠷ  ᠬᠠᠮᠤᠭ ᠬᠢᠯᠪᠠᠷᠬᠠᠨ ᠪᠤᠬᠢᠷᠳᠤᠳᠠᠭ᠃ ᠬᠠᠭᠤᠷᠴᠤ ᠬᠠᠭᠠᠷᠢᠬᠤ ᠳᠤ ᠭᠠᠷᠤᠭᠰᠠᠨ ᠳᠤᠰᠤ ᠤᠳᠤᠭ᠎ᠠ ᠵᠢᠴᠢ ᠨᠡᠬᠦᠷᠡᠰᠦ  ᠰᠢᠳᠠᠬᠤ ᠳᠤ ᠭᠠᠷᠤᠭᠰᠠᠨ ᠮᠥᠬᠦᠯᠢᠭᠳᠦ ᠪᠤᠳᠠᠰ ᠪᠠ ᠰᠢᠳᠠᠮᠠᠬᠠᠢ ᠬᠡᠢ ᠰᠢᠳᠠᠬᠤ ᠶᠠᠪᠤᠴᠠ ᠳᠠᠬᠢ ᠨᠡᠬᠦᠷᠡᠰᠦᠳᠦ᠋ᠷᠦᠭᠴᠢ ᠶᠢᠨ ᠳᠠᠩ ᠢᠰᠦᠯ ᠨᠢ ᠡᠷᠡᠬᠦᠯ ᠮᠡᠨᠳᠤ ᠶᠢ ᠮᠠᠰᠢ ᠶᠡᠭᠡ ᠪᠠᠷ ᠬᠤᠤᠷᠳᠠᠭᠤᠯᠳᠠᠭ᠃ ᠡᠶᠢᠮᠦ  ᠪᠤᠯᠬᠤᠷ ᠳᠤᠭᠤᠭᠠᠨ ᠬᠡᠷ ᠲᠡᠭᠡᠨ ᠠᠭᠠᠷ ᠨᠡᠪᠳᠡᠷᠡᠬᠦᠯᠬᠦ ᠶᠢ ᠤᠨᠴᠠᠭᠠᠶᠢᠯᠠᠨ ᠠᠩᠬᠠᠷᠬᠤ ᠬᠡᠷᠡᠭᠳᠡᠢ᠂ ᠵᠤᠤᠬᠠᠨ  ᠳᠠᠬᠡᠷ᠎ᠡ ᠪᠠᠨ ᠳᠤᠰᠤᠨ ᠤᠳᠤᠭ᠎ᠠ ᠶᠢᠨ ᠰᠤᠷᠤᠭᠤᠯ ᠪᠤᠶᠤ ᠠᠭᠠᠷ ᠰᠤᠷᠤᠭᠤᠷ ᠳᠤᠬᠢᠷᠠᠭᠤᠯᠪᠠᠯ ᠬᠠᠮᠤᠭ ᠰᠠᠶᠢᠨ᠃        
ᠢᠷᠡᠯᠲᠡ᠄ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ