ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠢ ᠪᠦᠳᠤᠮᠵᠢᠳᠡᠢ ᠰᠡᠷᠭᠡᠶᠢᠯᠡᠬᠦ ᠶᠢᠨ ᠵᠠᠩᠭᠢᠯᠠᠭ᠎ᠠ ᠄ ᠤᠯᠠᠷᠢᠯ ᠰᠤᠯᠢᠬᠳᠠᠬᠤ ᠦᠶ᠎ᠠ ᠪᠤᠯ ᠬᠠᠷᠰᠢᠮᠠᠳᠠᠭᠠᠢ | ᠴᠢᠨᠠᠷᠳᠡᠢ ᠬᠠᠮᠠᠷ ᠤᠨ ᠦᠷᠪᠢᠰᠤᠯ ᠤᠨ ᠤᠯᠠᠨ ᠡᠬᠦᠰᠬᠦ ᠬᠤᠭᠤᠴᠠᠭ᠎ᠠ ᠪᠤᠯᠤᠨ᠎ᠠ᠃ ᠬᠠᠮᠠᠷ ᠢᠶᠠᠨ ᠨᠢᠰᠤ ᠲᠠᠢ ᠭᠡᠳ ᠬᠠᠮᠢᠭᠠᠰᠢ ᠪᠠᠨ ᠬᠠᠶᠠᠬᠤᠪ︖ ᠳᠡᠰᠳᠡᠭ ᠯᠡ | ᠬᠡᠷᠡᠭ᠂ ᠬᠠᠷᠢᠨ ᠬᠡᠷᠬᠢᠨ ᠪᠦᠳᠤᠮᠵᠢᠳᠡᠢ ᠰᠡᠷᠭᠡᠶᠢᠯᠡᠬᠦ ᠪᠤᠢ ᠭᠡᠳᠡᠭ ᠨᠢ ᠤᠯᠠᠨ ᠤ ᠬᠠᠮᠤᠭ ᠠᠴᠠ ᠢᠯᠡᠬᠦᠤ ᠠᠩᠬᠠᠷᠴᠤ ᠪᠠᠶᠢᠭ᠎ᠠ ᠠᠰᠠᠭᠤᠳᠠᠯ ᠪᠤᠯᠵᠡᠢ᠃ ᠭᠤᠤᠯ | ᠢᠯᠡᠷᠡᠯ ᠬᠡᠨᠡᠳᠳᠡ ᠶᠢᠨ ᠪᠠ ᠳᠠᠬᠢᠨ ᠳᠠᠪᠳᠠᠨ ᠬᠦᠳᠡᠯᠬᠦ᠂ ᠬᠠᠮᠠᠷ ᠪᠦᠭᠯᠡᠷᠡᠬᠦ᠂ ᠬᠠᠮᠠᠷ ᠵᠠᠭᠠᠳᠤᠨᠠᠬᠤ᠂ ᠨᠠᠶᠢᠳᠠᠭᠠᠬᠤ᠂ ᠨᠢᠰᠤ ᠭᠤᠭᠤᠵᠢᠬᠤ ᠵᠡᠷᠭᠡ ᠢᠯᠡᠷᠡᠯ ᠪᠠᠶᠢᠳᠠᠬ | ᠃ ᠲᠦᠷᠦᠯ ᠵᠦᠢᠯ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠤᠨ ᠡᠮᠴᠢᠯᠡᠭᠡᠨ ᠤ ᠢᠯᠡᠷᠡᠯ ᠨᠢ ᠤᠯᠠᠷᠢᠯ ᠢ ᠳᠠᠭᠠᠵᠤ ᠬᠤᠪᠢᠷᠠᠳᠠᠬ ᠡᠰᠡᠬᠦ ᠶᠢ | ᠦᠨᠳᠤᠰᠤᠯᠡᠵᠤ᠂ ᠦᠷᠬᠦᠯᠵᠢ ᠶᠢᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠪᠠ ᠤᠯᠠᠷᠢᠯ ᠤᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ | ᠦᠷᠪᠢᠰᠤᠯ ᠭᠡᠵᠤ ᠬᠤᠪᠢᠶᠠᠳᠠᠬ᠃ ᠡᠬᠦᠰᠬᠦ ᠴᠠᠬ ᠦᠷᠬᠦᠯᠵᠢ ᠶᠢᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠨᠢ ᠵᠢᠯ ᠤᠨ ᠲᠦᠷᠪᠡᠨ ᠤᠯᠠᠷᠢᠯ ᠳᠤ | ᠪᠦᠷ ᠡᠪᠡᠳᠴᠢᠨ ᠤ ᠢᠯᠡᠷᠡᠯ ᠲᠠᠢ᠃ ᠤᠯᠠᠷᠢᠯ ᠤᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠨᠢ ᠤᠯᠠᠷᠢᠯ ᠤᠨ ᠴᠢᠨᠠᠷᠳᠡᠢ ᠡᠬᠦᠰᠴᠤ᠂ | ᠤᠯᠠᠩᠭᠢ ᠨᠢ ᠬᠠᠪᠤᠷ᠂ ᠨᠠᠮᠤᠷ ᠤᠨ ᠤᠯᠠᠷᠢᠯ ᠳᠤ ᠡᠬᠦᠰᠳᠡᠭ᠂ ᠡᠪᠡᠳᠴᠢᠯᠡᠬᠦ ᠦᠶ᠎ᠠ ᠳᠤ ᠦᠳᠳᠡᠷ ᠲᠦᠷᠭᠡᠨ ᠡᠪᠡᠳᠴᠢᠨ ᠤ ᠢᠯᠡᠷᠡᠯ ᠭᠠᠷᠳᠠᠬ᠂ ᠬᠡᠳᠤᠨ ᠴᠠᠬ᠂ | ᠬᠡᠳᠤᠨ ᠡᠳᠤᠷ ᠠᠴᠠ ᠬᠡᠳᠤᠨ ᠭᠠᠷᠠᠬ ᠠᠳᠠᠯᠢ ᠪᠤᠰᠤ ᠦᠷᠬᠦᠯᠵᠢᠯᠡᠵᠤ᠂ ᠬᠦᠳᠡᠯᠬᠦ ᠪᠠ ᠵᠠᠪᠰᠠᠷᠯᠠᠬᠤ ᠬᠤᠭᠤᠴᠠᠭ᠎ᠠ ᠨᠢ ᠪᠦᠷᠢᠮᠤᠰᠤᠨ ᠬᠡᠪ ᠤᠨ ᠪᠠᠶᠢᠳᠠᠬ᠃ | ᠡᠬᠦᠰᠦᠭᠰᠡᠨ ᠰᠢᠯᠳᠠᠭᠠᠨ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠡᠬᠦᠰᠬᠦ ᠶᠢᠨ ᠰᠢᠯᠳᠠᠭᠠᠨ ᠨᠢ ᠦᠯᠦ ᠬᠠᠯᠳᠠᠭᠠᠬᠤ ᠴᠢᠳᠠᠪᠦᠷᠢ ᠠᠨᠠᠢ ᠠᠴᠠ ᠪᠤᠯᠤᠬᠰᠠᠨ | ᠪᠢᠰᠢ᠂ ᠬᠠᠷᠢᠨ ᠪᠡᠶ᠎ᠠ ᠮᠠᠬᠠᠪᠤᠳ ᠤᠨ ᠦᠯᠦ ᠬᠠᠯᠳᠠᠭᠠᠬᠤ ᠢᠯᠭᠠᠨ ᠳᠠᠨᠢᠬᠤ ᠰᠢᠰᠲ᠋ᠧᠮ ᠳᠤ ᠠᠰᠠᠭᠤᠳᠠᠯ ᠭᠠᠷᠴᠤ᠂ ᠬᠤᠤᠷ ᠦᠬᠡᠢ ᠬᠠᠷᠠᠯᠳᠠ ᠶᠢ ᠬᠤᠤᠷ ᠲᠠᠢ | ᠭᠡᠵᠤ ᠦᠵᠡᠭᠡᠳ ᠡᠰᠡᠷᠬᠦᠴᠡᠬᠦ ᠶᠠᠪᠤᠴᠠ ᠳᠤ ᠪᠠᠨ ᠵᠠᠷᠢᠮ ᠭᠠᠵᠢᠭᠤ ᠤᠷᠪᠠᠯ ᠭᠠᠷᠳᠠᠬ᠂ ᠵᠢᠱᠢᠶᠡᠯᠡᠪᠡᠯ ᠨᠠᠶᠢᠳᠠᠭᠠᠬᠤ᠂ ᠬᠠᠮᠠᠷ ᠪᠦᠭᠯᠡᠷᠡᠬᠦ ᠵᠡᠷᠭᠡ ᠨᠢ ᠬᠠᠷᠰᠢᠮᠠᠳᠠᠭᠠᠢ | ᠴᠢᠨᠠᠷᠳᠡᠢ ᠬᠠᠮᠠᠷ ᠤᠨ ᠦᠷᠪᠢᠰᠤᠯ ᠪᠤᠯᠵᠤ ᠬᠤᠪᠢᠷᠠᠳᠠᠬ᠃ | ᠤᠷᠢᠳᠴᠢᠯᠠᠨ ᠰᠡᠷᠭᠡᠶᠢᠯᠡᠬᠦ ᠠᠷᠭ᠎ᠠ ᠤᠯᠠᠷᠢᠯ ᠤᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠢ ᠬᠠᠷᠰᠢᠮᠠᠳᠠᠭᠠᠢ ᠬᠤᠭᠤᠴᠠᠭ᠎ᠠ | ᠪᠤᠯᠬᠤ ᠠᠴᠠ ᠡᠮᠤᠨ᠎ᠠ ᠬᠡᠳᠤᠨ ᠡᠳᠤᠷ ᠠᠴᠠ ᠡᠬᠢᠯᠡᠨ ᠨᠡᠭᠡᠳᠡᠰᠤ ᠶᠢᠨ ᠠᠮᠢᠨ ᠢ ᠡᠰᠡᠷᠭᠦᠴᠡᠬᠦ ᠡᠮ᠂ ᠬᠠᠮᠠᠷ ᠤᠨ ᠰᠦᠷᠴᠢᠮᠡᠯ ᠬᠤᠷᠮᠤᠨ ᠢ ᠬᠡᠷᠡᠭᠯᠡᠪᠡᠯ ᠡᠪᠡᠳᠴᠢᠨ | ᠡᠬᠦᠰᠬᠦ ᠶᠢ ᠰᠡᠷᠭᠡᠶᠢᠯᠡᠬᠦ ᠦᠢᠯᠡᠳᠤᠯ ᠲᠠᠢ ᠶᠤᠮ᠃ ᠳᠤᠯᠠᠭᠠᠨ ᠤ ᠬᠤᠪᠢᠷᠠᠯᠳᠠ ᠨᠢ ᠬᠠᠮᠠᠷ ᠤᠨ ᠬᠦᠨᠳᠡᠢ ᠳᠤ ᠰᠡᠳᠤᠯᠳᠡ ᠦᠭᠪᠡᠯ ᠴᠠᠬ ᠳᠤᠬᠠᠢ ᠳᠤ ᠨᠢ ᠬᠠᠯᠠᠭᠤᠨ | ᠬᠦᠢᠳᠡᠨ ᠢᠶᠠᠨ ᠳᠡᠩᠴᠡᠬᠦᠯᠵᠤ᠂ ᠰᠡᠳᠬᠢᠴᠡ ᠶᠢᠨ ᠪᠠᠶᠢᠳᠠᠯ ᠢᠶᠠᠨ ᠳᠤᠬᠢᠷᠠᠭᠤᠯᠤᠨ᠂ ᠪᠡᠶ᠎ᠠ ᠶᠢᠨ ᠳᠠᠮᠢᠷ ᠤᠨ ᠪᠤᠯᠪᠠᠰᠤᠷᠠᠯ ᠢᠶᠠᠨ ᠴᠢᠩᠭᠠᠳᠬᠠᠵᠤ᠂ ᠤᠨᠳᠠᠵᠤ | ᠠᠮᠠᠷᠠᠬᠤ ᠴᠠᠬ ᠢᠶᠠᠨ ᠰᠠᠶᠢᠳᠤᠷ ᠳᠤᠬᠢᠷᠠᠭᠤᠯᠵᠤ᠂ ᠪᠡᠶ᠎ᠠ ᠶᠢᠨ ᠠᠵᠢᠯᠯᠠᠭ᠎ᠠ ᠶᠢᠨ ᠳᠤᠬᠳᠠᠭᠤᠨ ᠪᠠᠶᠢᠬᠤ ᠶᠢ ᠪᠠᠳᠤᠯᠠᠨ᠂ ᠪᠡᠶ᠎ᠠ ᠶᠢᠨ ᠡᠯ᠎ᠠ ᠡᠷᠬᠡᠳᠡᠨ ᠤ | ᠬᠤᠭᠤᠷᠤᠨᠳᠤᠬᠢ ᠡᠶ᠎ᠡ ᠵᠤᠬᠢᠴᠠᠩᠭᠤᠢ ᠬᠠᠷᠢᠴᠠᠭ᠎ᠠ ᠶᠢ ᠳᠡᠭᠡᠭᠰᠢᠯᠡᠬᠦᠯᠵᠤ᠂ ᠬᠠᠷᠰᠢᠮᠠᠳᠠᠭᠠᠢ ᠤᠷᠪᠠᠯ ᠢ ᠡᠬᠦᠰᠭᠡᠵᠤ ᠮᠡᠳᠡᠬᠦ ᠡᠬᠢ ᠰᠤᠷᠪᠦᠯᠵᠢ ᠠᠴᠠ ᠵᠠᠶᠢᠯᠠᠰᠬᠢᠪᠡᠯ | ᠵᠤᠬᠢᠨ᠎ᠠ᠃ ᠤᠯᠠᠷᠢᠯ ᠰᠤᠯᠢᠬᠳᠠᠬᠤ ᠦᠶ᠎ᠠ ᠳᠤ᠂ ᠬᠦᠨᠵᠢᠯᠡ ᠳᠡᠪᠢᠰᠭᠡᠷ ᠬᠤᠪᠴᠠᠰᠤ ᠬᠤᠨᠠᠷ ᠢᠶᠠᠨ ᠤᠷᠢᠳᠠᠪᠡᠷ ᠤᠬᠢᠶᠠᠵᠤ᠂ ᠨᠠᠷᠠᠨ ᠳᠤ ᠡᠭᠡᠭᠡᠭᠰᠡᠨ ᠤ ᠳᠠᠷᠠᠭ᠎ᠠ | ᠬᠡᠷᠡᠭᠯᠡᠪᠡᠯ ᠵᠤᠬᠢᠨ᠎ᠠ᠃ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠲᠠᠢ ᠡᠪᠡᠳᠴᠢᠳᠡᠨ ᠬᠠᠮᠤᠬ ᠤᠨ ᠰᠠᠶᠢᠨ ᠨᠢ ᠡᠩᠭᠦᠷᠠᠢ ᠠᠮᠢᠳᠠᠨ ᠳᠡᠵᠢᠬᠡᠬᠦ ᠦᠬᠡᠢ᠂ | ᠬᠡᠷᠪᠡ ᠳᠡᠵᠢᠭᠡᠭᠰᠡᠨ ᠪᠠᠶᠢᠪᠠᠯ ᠴᠢᠳᠠᠬᠤ ᠶᠢᠨ ᠳᠤᠳᠤᠷ᠎ᠠ ᠡᠩᠭᠦᠷᠠᠢ ᠠᠮᠢᠳᠠᠨ ᠢᠶᠠᠨ ᠤᠨᠳᠠᠬᠤ ᠦᠷᠤᠬᠡᠨ ᠳᠤ ᠪᠠᠨ ᠤᠷᠤᠭᠤᠯᠬᠤ ᠦᠬᠡᠢ᠃ ᠴᠡᠴᠡᠭ ᠤᠨ | ᠳᠤᠭᠤᠰᠤᠨ ᠤ ᠦᠳᠬᠡᠴᠡ ᠶᠢᠨ ᠤᠷᠬᠢᠯ ᠤᠨ ᠬᠤᠭᠤᠴᠠᠭᠠᠨ ᠳᠤ᠂ ᠭᠠᠳᠠᠬᠰᠢ ᠭᠠᠷᠬᠤ ᠳᠤ ᠪᠠᠨ ᠬᠠᠮᠠᠭᠠᠯᠠᠬᠤ ᠡᠳ᠋ ᠢᠶᠠᠨ ᠰᠠᠶᠢᠳᠤᠷ ᠵᠡᠬᠦᠵᠤ᠂ ᠬᠡᠷ ᠲᠤ ᠪᠠᠨ | ᠬᠠᠷᠢᠬᠰᠠᠨ ᠤ ᠳᠠᠷᠠᠭ᠎ᠠ ᠴᠠᠬ ᠳᠤᠬᠠᠢ ᠳᠤ ᠨᠢ ᠪᠡᠶ᠎ᠠ ᠪᠠᠨ ᠤᠬᠢᠶᠠᠬᠤ ᠶᠢᠨ ᠬᠠᠮᠳᠤ ᠬᠠᠮᠠᠷ ᠤᠨ ᠬᠦᠨᠳᠡᠢ ᠪᠠᠨ ᠤᠬᠢᠶᠠᠨ ᠴᠡᠪᠡᠷᠯᠡᠵᠤ᠂ ᠴᠤᠩᠬᠤ ᠪᠠᠨ ᠨᠡᠬᠡᠬᠡᠵᠤ | ᠰᠠᠯᠬᠢ ᠨᠡᠪᠳᠡᠷᠡᠬᠦᠯᠦᠨ᠎ᠠ᠂ ᠦᠪᠡᠷ ᠤᠨ ᠬᠡᠷᠡᠭᠴᠡᠭᠡ ᠪᠠᠨ ᠦᠨᠳᠤᠰᠤᠯᠡᠨ ᠵᠦᠢ ᠵᠤᠬᠢᠰᠳᠡᠢ ᠡᠮ ᠬᠡᠷᠡᠭᠯᠡᠵᠤ ᠪᠤᠯᠤᠨ᠎ᠠ᠃ ᠴᠡᠴᠡᠭ ᠤᠨ ᠳᠤᠭᠤᠰᠤᠨ ᠤ ᠤᠷᠬᠢᠯ ᠤᠨ | ᠦᠶ᠎ᠠ ᠳᠤ᠂ ᠴᠢᠳᠠᠬᠤ ᠶᠢᠨ ᠳᠤᠳᠤᠷ᠎ᠠ ᠬᠡᠬᠡᠷ᠎ᠠ ᠭᠠᠳᠠᠨ᠎ᠠ ᠭᠠᠷᠬᠤ ᠦᠬᠡᠢ ᠪᠠᠶᠢᠵᠣ ᠡᠪᠡᠳᠴᠢᠨ ᠤ ᠪᠠᠶᠢᠳᠠᠯ ᠢ ᠬᠦᠨᠳᠤᠷᠡᠬᠦᠯᠬᠦ ᠠᠴᠠ ᠵᠠᠶᠢᠯᠠᠰᠬᠢᠬᠦ ᠬᠡᠷᠡᠭᠳᠡᠢ᠃ | ᠦᠪᠦᠷ ᠮᠤᠩᠭᠤᠯ ᠤᠨ ᠪᠠᠶᠢᠳᠠᠯ ᠦᠪᠦᠷ ᠮᠤᠩᠭᠤᠯ ᠤᠨ ᠲᠦᠪ ᠬᠤᠳᠠ ᠵᠢᠴᠢ ᠬᠦᠳᠡᠭᠡ ᠳᠤᠰᠬᠤᠨ ᠤ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠢᠶᠠᠷ | ᠤᠨᠤᠰᠢᠯᠠᠬᠳᠠᠬᠰᠠᠨ ᠡᠪᠡᠳᠴᠢᠳᠡᠨ ᠤ ᠨᠤᠷᠮ᠎ᠠ 17.10% ᠲᠤ ᠪᠠᠶᠢᠵᠤ᠂ ᠡᠬᠦᠨ ᠳᠤ ᠡᠮᠡᠭᠳᠡᠢ ᠶᠢᠨ ᠡᠪᠡᠳᠴᠢᠨ ᠤᠯᠬᠤ ᠨᠤᠷᠮ᠎ᠠ ᠨᠢ ᠡᠷᠡᠭᠳᠡᠢ | ᠬᠦᠮᠦᠨ ᠤ ᠬᠢ ᠠᠴᠠ ᠵᠢᠭᠠᠬᠠᠨ ᠦᠨᠳᠤᠷ᠂ 6 — 15 ᠨᠠᠰᠤᠨ ᠤ ᠬᠡᠤᠬᠡᠳ ᠤᠨ ᠡᠪᠡᠳᠴᠢᠯᠡᠬᠦ ᠨᠤᠷᠮ ᠠ ᠨᠢ ᠬᠠᠮᠤᠬ ᠦᠨᠳᠤᠷ᠂ ᠬᠤᠳᠠ ᠳᠤ ᠰᠠᠭᠤᠭ᠎ᠠ | ᠬᠦᠮᠦᠰ ᠤᠨ ᠡᠪᠡᠳᠴᠢᠯᠡᠬᠦ ᠨᠤᠷᠮ᠎ᠠ ᠨᠢ ᠬᠦᠳᠡᠭᠡ ᠳᠤᠰᠬᠤᠨ ᠤ ᠬᠢ ᠠᠴᠠ ᠢᠯᠡᠳᠳᠡ ᠦᠨᠳᠤᠷ ᠪᠠᠶᠢᠨ᠎ᠠ᠃ ᠰᠢᠷᠠᠯᠵᠢ ᠪᠤᠯ ᠦᠪᠦᠷ ᠮᠤᠩᠭᠤᠯ ᠤᠨ ᠬᠠᠮᠤᠬ ᠤᠨ | ᠭᠤᠤᠯ ᠪᠤᠯᠬᠤ ᠴᠡᠴᠡᠭ ᠤᠨ ᠳᠤᠭᠤᠰᠤᠨ ᠤ ᠬᠠᠷᠰᠢᠯ ᠢ ᠡᠬᠦᠰᠭᠡᠭᠴᠢ ᠮᠦᠨ᠃ ᠦᠪᠦᠷ ᠮᠤᠩᠭᠤᠯ ᠤᠨ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠤᠨ | ᠡᠪᠡᠳᠴᠢᠳᠡᠨ ᠤ ᠡᠪᠡᠳᠴᠢᠨ ᠤ ᠢᠯᠡᠷᠡᠯ ᠤᠨ ᠤᠷᠬᠢᠯ ᠤᠨ ᠬᠤᠭᠤᠴᠠᠭ᠎ᠠ ᠨᠢ 7 ᠠᠴᠠ 9 ᠰᠠᠷ᠎ᠠ ᠳᠤ ᠲᠦᠪᠯᠡᠷᠡᠵᠤ᠂ ᠡᠬᠦᠨ ᠳᠤ 8 ᠰᠠᠷ᠎ᠠ ᠳᠤ ᠤᠷᠬᠢᠯ ᠳᠤ ᠪᠠᠨ | ᠬᠦᠷᠳᠡᠭ᠃ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠢ ᠪᠦᠳᠤᠮᠵᠢᠳᠡᠢ ᠰᠡᠷᠭᠡᠶᠢᠯᠡᠬᠦ ᠶᠢᠨ ᠵᠠᠩᠭᠢᠯᠠᠭ᠎ᠠ | |