5 ᠰᠠᠷ᠎ᠠ ᠶᠢᠨ 4 ᠤ ᠡᠳᠦᠷ᠂ ᠨᠢᠭᠡᠨ ᠤᠳᠠᠭᠠᠨ ᠤ ᠬᠦᠰᠡᠯ ᠡᠷᠡᠮᠡᠯᠵᠡᠯ ᠪᠠ ᠡᠷᠴᠢ ᠵᠣᠷᠢᠭ ᠢᠶᠠᠷ ᠪᠢᠯᠬᠠᠭᠰᠠᠨ ᠵᠠᠬᠢᠶᠠᠯᠠᠭ᠎ᠠ ᠶᠢᠨ ᠰᠢᠰᠢ ᠶᠢᠨ ᠲᠠᠷᠢᠮᠠᠯ ᠤᠨ | ᠲᠤᠬᠠᠢ ᠶᠢᠨ ᠲᠠᠯᠠᠪᠠᠢ ᠶᠢᠨ ᠬᠤᠷᠠᠯ ᠶᠡᠭᠡ ᠰᠢᠭᠡᠲᠡᠢ ᠪᠠᠯᠭᠠᠰᠤᠨ ᠤ ᠮᠢᠶᠣᠣ ᠡᠯ ᠬᠤᠤ ᠲᠣᠰᠬᠤᠨ ᠳᠤ ᠶᠠᠪᠤᠭᠳᠠᠪᠠ᠃ | | | | | ᠲᠤᠬᠠᠢ ᠶᠢᠨ ᠲᠠᠯᠠᠪᠠᠶ ᠶᠢᠨ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠲᠣᠰ ᠤᠳᠠᠭᠠᠨ ᠤ ᠵᠠᠬᠢᠶᠠᠯᠠᠭ᠎ᠠ ᠶᠢᠨ ᠰᠢᠰᠢ ᠶᠢᠨ ᠲᠠᠷᠢᠮᠠᠯ ᠨᠢ ᠮᠠᠨ ᠤ ᠬᠤᠰᠢᠭᠤᠨ ᠤ ᠤᠰᠤ ᠠᠷᠪᠢᠯᠠᠵᠤ ᠠᠮᠤ ᠪᠤᠳᠠᠭ᠎ᠠ ᠶᠢ | ᠲᠣᠭᠲᠠᠪᠤᠷᠢᠵᠢᠭᠤᠯᠬᠤ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠳᠤᠮᠳᠠ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠭᠰᠠᠨ ᠪᠠᠶᠢᠨ᠎ᠠ᠂ | ᠲᠠᠷᠢᠶᠠᠯᠠᠭ᠎ᠠ ᠶᠢᠨ ᠲᠠᠷᠢᠶᠠᠴᠢᠨ ᠡᠷᠦᠬᠡ ᠴᠠᠭ ᠤᠯᠠᠷᠢᠯ ᠢᠶᠠᠷ ᠬᠥᠮᠥᠨ ᠢ ᠬᠦᠯᠢᠶᠡᠬᠦ ᠦᠭᠡᠢ ᠪᠠᠶᠢᠬᠤ ᠪᠠᠴᠢᠮ ᠲᠤᠯᠭᠠᠮ᠎ᠠ ᠰᠡᠳᠬᠢᠯᠭᠡ ᠪᠠᠨ ᠪᠠᠷᠢᠮᠲᠠᠯᠠᠵᠤ᠂ | ᠤᠯᠠᠷᠢᠯ ᠢᠶᠠᠷ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢ ᠬᠢᠬᠦ ᠬᠡᠷᠡᠭᠲᠡᠢ᠃ ᠦᠷ᠎ᠡ ᠶᠢᠨ ᠦᠢᠯᠡᠰ ᠤᠨ ᠵᠢᠯᠤᠭᠤᠳᠬᠤ ᠲᠥᠪ ᠪᠣᠯᠣᠨ ᠵᠠᠬᠢᠶᠠᠯᠠᠭ᠎ᠠ ᠶᠢᠨ ᠬᠤᠷᠰᠢᠶ᠎ᠠ | ᠨᠢ ᠰᠢᠰᠢ ᠲᠠᠷᠢᠬᠤ ᠪᠦᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠰᠢᠰᠢ ᠲᠠᠷᠢᠬᠤ ᠮᠦ ᠪᠦᠷᠢ ᠶᠢᠨ ᠳᠤᠮᠳᠠᠴᠢ ᠦᠷ᠎ᠡ ᠠᠰᠢᠭ ᠢ | ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠪᠠ᠃ | | | | | | ᠠᠭᠤᠯᠠ ᠶᠢᠨ ᠠᠷᠤ ᠶᠢᠨ ᠣᠷᠣᠨ ᠳᠤ ᠪᠠᠶᠢᠷᠢᠯᠠᠭᠰᠠᠨ ᠶᠡᠭᠡ ᠰᠢᠭᠡᠲᠡᠢ ᠪᠠᠯᠭᠠᠰᠤᠨ ᠤ ᠬᠥᠷᠥᠰᠥ ᠰᠢᠷᠣᠢ ᠨᠢ ᠥᠩ ᠰᠢᠮᠡᠯᠢᠭ᠂ ᠠᠭᠤᠷ ᠠᠮᠢᠰᠬᠤᠯ ᠤᠨ | ᠨᠥᠬᠦᠴᠡᠯ ᠨᠢ ᠲᠣᠬᠢᠷᠠᠮᠵᠢᠲᠠᠢ ᠪᠠᠶᠢᠵᠤ᠂ ᠲᠤᠬᠠᠢ ᠶᠢᠨ ᠭᠠᠵᠠᠷ ᠤᠨ ᠲᠠᠷᠢᠶᠠᠴᠢᠳ ᠶᠡᠷᠦ ᠨᠢ ᠰᠢᠰᠢ ᠳᠠᠷᠢᠬᠤ ᠤᠯᠠᠮᠵᠢᠯᠠᠯ ᠲᠠᠢ ᠪᠠᠶᠢᠵᠠᠢ᠃ ᠣᠶᠢᠷ᠎ᠠ ᠶᠢᠨ ᠵᠢᠯ ᠳᠤ᠂ | ᠤᠷᠠᠳ ᠤᠨ ᠡᠮᠦᠨᠡᠲᠦ ᠬᠤᠰᠢᠭᠤᠨ ᠤ ︽ᠤᠰᠤ ᠶᠢ ᠠᠷᠪᠢᠯᠠᠬᠤ᠂ ᠪᠣᠷᠳᠣᠭᠤᠷ ᠢ ᠬᠢᠵᠠᠭᠠᠷᠯᠠᠬᠤ᠂ ᠠᠮᠤ ᠪᠤᠳᠠᠭ᠎ᠠ ᠶᠢ ᠲᠣᠭᠲᠠᠪᠤᠷᠢᠵᠢᠭᠤᠯᠬᠤ︾ ᠤᠬᠠᠭᠤᠯᠭ᠎ᠠ ᠶᠢᠨ | ᠰᠠᠨᠠᠭᠠᠴᠢᠯᠠᠭ᠎ᠠ ᠪᠠᠷ᠂ ᠶᠡᠭᠡ ᠰᠢᠭᠡᠲᠡᠢ ᠪᠠᠯᠭᠠᠰᠤᠨ ᠤ ᠨᠠᠮ ᠤᠨ ᠬᠤᠷᠢᠶ᠎ᠠ ᠲᠠᠷᠢᠶᠠᠯᠠᠩ ᠤᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ | ᠲᠠᠯ᠎ᠠ ᠪᠠᠷ ᠲᠠᠬᠢᠨ ᠬᠦᠴᠦᠯᠡᠵᠦ᠂ ᠲᠠᠬᠢᠨ ᠭᠦᠨᠵᠡᠭᠡᠶᠢᠷᠡᠭᠦᠯᠵᠦ᠂ ᠡᠯ᠎ᠡ ᠲᠣᠰᠬᠤᠨ ᠢ ᠬᠥᠲᠥᠯᠥᠨ ᠳᠠᠭᠠᠭᠤᠯᠵᠤ ᠪᠠᠶᠢᠭᠠᠳ ᠬᠤᠪᠢᠷᠠᠯᠲᠠ ᠶᠢ ᠢᠳᠡᠪᠬᠢᠲᠡᠢ ᠡᠷᠢᠯᠬᠢᠯᠡᠵᠦ | ᠂ ︽ᠵᠠᠬᠢᠶᠠᠯᠠᠭ᠎ᠠ ᠶᠢᠨ ᠰᠢᠰᠢ︾ ᠲᠠᠷᠢᠶᠠᠯᠠᠩ ᠤᠨ ︽ᠵᠠᠮ ᠨᠡᠭᠡᠭᠡᠬᠦ︾ ᠵᠡᠷᠭᠡ ᠵᠠᠭᠪᠤᠷ ᠤᠨ ᠠᠰᠢᠭᠲᠠᠢ ᠰᠦᠪᠡᠭᠴᠢᠯᠡᠯᠲᠡ ᠪᠠ ᠲᠤᠷᠰᠢᠯᠲᠠ ᠶᠢ ᠠᠬᠢᠭᠤᠯᠵᠠᠢ᠃ | | | | | ᠲᠣᠰ ᠤᠳᠠᠭ᠎ᠠ ᠮᠢᠶᠣᠣ ᠡᠯ ᠬᠤᠸ ᠲᠣᠰᠬᠤᠨ ᠳᠤ 300 ᠭᠠᠷᠤᠢ ᠮᠦ ᠰᠢᠰᠢ ᠶᠢᠨ ᠵᠠᠬᠢᠶᠠᠯᠠᠭ᠎ᠠ ᠶᠢ ᠳᠡᠯᠭᠡᠷᠡᠭᠦᠯᠵᠦ᠂ ᠵᠠᠬᠢᠶᠠᠯᠠᠭ᠎ᠠ ᠶᠢᠨ ᠦᠨ᠎ᠡ ᠨᠢ ᠵᠢᠩ | ᠪᠦᠷᠢ ᠳᠡᠭᠡᠨ 1.5 ᠲᠥᠭᠦᠷᠢᠭ ᠬᠦᠷᠦᠨ᠎ᠡ᠃ ᠮᠢᠶᠣᠣ ᠡᠯ ᠬᠤᠤ ᠲᠣᠰᠬᠤᠨ ᠤ ᠨᠠᠮ ᠤᠨ ᠡᠭᠦᠷ ᠤᠨ ᠱᠦᠵᠢ ᠶᠠᠩ ᠵᠢᠢ ᠰᠢᠶᠣᠣ ᠲᠠᠩᠰᠠ ᠪᠤᠳᠤᠵᠦ᠂ ᠰᠠᠭᠤᠷᠢ ᠶᠢ | ᠪᠠᠲᠤᠯᠠᠬᠤ ᠤᠨᠠᠯᠲᠠ ᠪᠠᠷ ᠮᠦ ᠪᠦᠷᠢ ᠳᠤ 1700 ᠵᠢᠩ ᠬᠦᠷᠴᠦ᠂ ᠮᠦ ᠪᠦᠷᠢ ᠠᠴᠠ ᠠᠳᠠᠭ ᠪᠠᠭ᠎ᠠ ᠳᠠᠭᠠᠨ 2550 ᠲᠥᠭᠦᠷᠢᠭ ᠤᠨ ᠣᠷᠣᠯᠭ᠎ᠠ ᠲᠠᠢ ᠪᠠᠶᠢᠵᠤ᠂ | ᠨᠢᠭᠡ ᠭᠤᠤᠷᠰᠤ ᠰᠢᠰᠢ ᠶᠢ 6 - 8 ᠤᠰᠤ ᠤᠰᠤᠯᠠᠬᠤ ᠨᠢ 9 - 12 ᠤᠰᠤ ᠤᠰᠤᠯᠠᠬᠤ ᠡᠷᠳᠡᠨᠢ ᠰᠢᠰᠢ ᠲᠠᠢ ᠬᠠᠷᠢᠴᠠᠭᠤᠯᠪᠠᠯ᠂ ᠰᠢᠰᠢ ᠲᠠᠷᠢᠬᠤ ᠨᠢ ᠪᠠᠭ᠎ᠠ | ᠪᠤᠰᠤ ᠤᠰᠤ ᠠᠷᠪᠢᠯᠠᠭᠰᠠᠨ ᠪᠠᠶᠢᠨ᠎ᠠ ᠭᠡᠪᠡ᠃ | |