ᠤᠷᠠᠳ ᠤᠨ ᠡᠮᠦᠨᠡᠳᠦ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠬᠦ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/5/9
      ᠮᠠᠨ ᠤ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠤᠨ ᠬᠠᠮᠠᠭᠠᠯᠠᠯᠳᠠ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ ᠮᠠᠨ ᠤ ᠬᠤᠰᠢᠭᠤᠨ ᠤ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠦᠷ᠎ᠡ ᠪᠦᠳᠦᠬᠡᠯ ᠢ ᠪᠠᠬᠢᠵᠢᠬᠦᠯᠵᠦ᠂ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ﹀﹀ ᠪᠠ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠡᠯᠴᠢᠬᠡᠷ ᠤᠨ ᠬᠠᠤᠯᠢ﹀﹀ ᠵᠡᠷᠭᠡ ᠬᠠᠤᠯᠢ ᠴᠠᠭᠠᠵᠠ ᠬᠠᠤᠯᠢ ᠲᠤᠭᠳᠠᠭᠠᠯ ᠢ ᠦᠨᠳᠦᠰᠦᠯᠡᠨ᠂ ᠡᠳᠦᠬᠡ ᠤᠢ ᠰᠢᠭᠤᠢ ᠨᠤᠳᠤᠭ ᠪᠡᠯᠴᠢᠬᠡᠷ ᠤᠨ ᠬᠠᠮᠠᠭᠠᠯᠠᠯᠳᠠ ᠶᠢ ᠦᠨᠡᠨᠬᠦ ᠴᠢᠩᠭᠠᠳᠬᠠᠵᠤ᠂ ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠢ ᠬᠠᠤᠯᠢ ᠪᠤᠰᠤ ᠪᠠᠷ ᠡᠪᠳᠡᠭᠰᠡᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠬᠤᠯᠪᠤᠭᠳᠠᠯ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠪᠠ᠄       ᠨᠢᠬᠡ᠂ ᠤᠢ ᠮᠤᠳᠤ ᠶᠢ ᠲᠤᠷ᠎ᠠ ᠪᠠᠷ ᠤᠭᠳᠤᠯᠬᠤ ᠶᠢ ᠴᠠᠭᠠᠵᠠᠯᠠᠨ᠎ᠠ᠃ ᠣᠢ ᠮᠤᠳᠤ ᠶᠢ ᠤᠭᠳᠤᠯᠬᠤ ᠳᠤ ᠡᠷᠭᠡᠪᠰᠢ ᠲᠤᠭᠳᠠᠭᠠᠯ ᠶᠤᠰᠤᠭᠠᠷ ᠣᠢ ᠮᠤᠳᠤ ᠶᠢ ᠤᠭᠳᠤᠯᠬᠤ ᠵᠦᠪᠰᠢᠶᠡᠷᠡᠯ ᠤᠨ ᠦᠨᠡᠮᠯᠡᠯ ᠭᠤᠶᠤᠴᠢᠯᠠᠵᠤ ᠠᠪᠬᠤ ᠬᠡᠷᠡᠭᠳᠡᠢ ᠪᠦᠬᠡᠳ ᠣᠢ ᠮᠤᠳᠤ ᠶᠢ ᠤᠭᠳᠤᠯᠬᠤ ᠵᠦᠪᠰᠢᠶᠡᠷᠡᠯ ᠤᠨ ᠦᠨᠡᠮᠯᠡᠯ ᠳᠤ ᠲᠤᠭᠳᠠᠭᠠᠭᠰᠠᠨ ᠲᠤᠭ᠎ᠠ ᠬᠡᠮᠵᠢᠶ᠎ᠡ ᠪᠠ ᠬᠦᠷᠢᠶ᠎ᠡ ᠬᠡᠪᠴᠢᠶ᠎ᠡ ᠶᠤᠰᠤᠭᠠᠷ ᠤᠭᠳᠤᠯᠬᠤ ᠬᠡᠷᠡᠭᠳᠡᠢ᠃ ᠵᠦᠪᠰᠢᠶᠡᠷᠡᠭᠦᠯᠦᠭᠰᠡᠨ ᠦᠬᠡᠢ ᠪᠠᠷ ᠲᠤᠷ᠎ᠠ ᠪᠠᠷ ᠢᠶᠠᠨ ᠤᠢ ᠮᠤᠳᠤ ᠤᠭᠳᠤᠯᠤᠭᠰᠠᠨ ᠪᠤᠶᠤ ᠬᠤᠯᠠᠭᠠᠶᠢᠯᠠᠨ ᠤᠭᠳᠤᠯᠤᠭᠰᠠᠨ ᠤᠢ ᠮᠤᠳᠤ ᠪᠤᠯᠬᠤ ᠶᠢ ᠲᠤᠳᠤᠷᠬᠠᠢ ᠮᠡᠳᠡᠵᠦ ᠪᠠᠶᠢᠭᠠᠳ ᠬᠤᠳᠠᠯᠳᠤᠨ ᠠᠪᠤᠭᠰᠠᠨ ᠪᠠᠶᠢᠪᠠᠯ᠂ ᠬᠠᠤᠯᠢ ᠶᠤᠰᠤᠭᠠᠷ ᠲᠤᠭᠳᠠᠭᠠᠯ ᠶᠤᠰᠤᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠤᠴᠢᠳᠠᠢ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ ᠨᠤᠳᠤᠭ ᠪᠡᠯᠴᠢᠬᠡᠷ ᠤᠨ ᠤᠶᠢᠳᠤ ᠭᠠᠵᠠᠷ ᠢ ᠬᠠᠤᠯᠢ ᠪᠤᠰᠤ ᠪᠠᠷ ᠡᠪᠳᠡᠨ ᠡᠵᠡᠯᠡᠬᠦ ᠪᠠ ᠲᠤᠷ᠎ᠠ ᠪᠠᠷ ᠢᠶᠠᠨ ᠬᠠᠭᠠᠯᠪᠤᠷᠢᠯᠠᠬᠤ ᠶᠢ ᠴᠠᠭᠠᠵᠠᠯᠠᠨ᠎ᠠ᠃ ᠨᠤᠳᠤᠭ ᠪᠡᠯᠴᠢᠬᠡᠷ ᠤᠨ ᠤᠶᠢᠳᠤ ᠭᠠᠵᠠᠷ ᠢ ᠬᠡᠷᠡᠭᠯᠡᠬᠦ ᠳᠤ ᠡᠷᠬᠡᠪᠰᠢ ᠨᠤᠳᠤᠭ ᠪᠡᠯᠴᠢᠬᠡᠷ ᠤᠨ ᠤᠶᠢᠳᠤ ᠭᠠᠵᠠᠷ ᠢ ᠬᠡᠷᠡᠭᠯᠡᠬᠦ ᠬᠠᠮᠢᠶ᠎ᠠ ᠪᠦᠬᠦᠢ ᠭᠠᠷᠳᠠᠮ ᠢ ᠬᠦᠢᠴᠡᠳᠬᠡᠵᠦ᠂ ᠵᠦᠪᠰᠢᠶᠡᠷᠡᠯ ᠦᠬᠡᠢ ᠪᠠᠷ ᠨᠤᠳᠤᠭ ᠪᠡᠯᠴᠢᠬᠡᠷ ᠤᠨ ᠤᠶᠢᠳᠤ ᠭᠠᠵᠠᠷ ᠢ ᠲᠤᠷ᠎ᠠ ᠪᠠᠷ ᠢᠶᠠᠨ ᠡᠪᠳᠡᠵᠦ ᠡᠵᠡᠯᠡᠨ ᠬᠡᠷᠡᠭᠯᠡᠭᠰᠡᠨ᠂ ᠨᠤᠳᠤᠭ ᠪᠡᠯᠴᠢᠬᠡᠷ  ᠤᠨ ᠤᠶᠢᠳᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨ᠂ ᠤᠢ ᠰᠢᠭᠤᠢ ᠨᠤᠳᠤᠭ ᠪᠡᠯᠴᠢᠬᠡᠷ ᠢ ᠡᠪᠳᠡᠵᠦ ᠬᠠᠭᠠᠯᠪᠤᠷᠢᠯᠠᠭᠰᠠᠨ ᠪᠠᠶᠢᠪᠠᠯ᠂ ᠬᠠᠤᠯᠢ ᠲᠤᠭᠳᠠᠭᠠᠯ ᠶᠤᠰᠤᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠦᠢᠯᠡ  ᠪᠠᠶᠢᠳᠠᠯ ᠨᠢ ᠬᠦᠨᠳᠦ ᠨᠤᠴᠢᠳᠠᠢ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠶᠠᠮᠠᠷᠪᠠ ᠨᠢᠬᠡᠴᠢ ᠪᠠ ᠬᠤᠪᠢ ᠬᠦᠮᠦᠨ ᠤ ᠬᠡᠬᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠪᠤᠶᠤ ᠲᠡᠬᠦᠨ ᠤ ᠦᠰᠦᠯᠳᠡ ᠶᠢᠨ ᠤᠷᠴᠢᠨ ᠲᠤᠭᠤᠷᠢᠨ ᠢ ᠡᠪᠳᠡᠬᠦ ᠶᠢ ᠴᠠᠭᠠᠵᠠᠯᠠᠨ᠎ᠠ᠃ ᠬᠠᠤᠯᠢ ᠪᠤᠰᠤ ᠪᠠᠷ ᠮᠠᠯᠳᠠᠭᠰᠠᠨ ᠪᠤᠯ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠶᠤᠰᠤᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠪᠤᠷ ᠨᠠᠨᠳᠢᠨ ᠮᠤᠳᠤ ᠪᠤᠶᠤ ᠤᠯᠤᠰ ᠤᠨ ᠭᠤᠤᠯᠳᠠᠯᠠᠭ᠎ᠠ ᠲᠠᠢ ᠬᠠᠮᠠᠭᠠᠯᠠᠯᠳᠠ ᠳᠤ ᠪᠠᠶᠢᠭ᠎ᠠ ᠪᠤᠰᠤᠳ ᠤᠷᠭᠤᠮᠠᠯ  ᠢ ᠬᠠᠤᠯᠢ ᠪᠤᠰᠤ ᠪᠠᠷ ᠤᠭᠳᠤᠯᠤᠭᠰᠠᠨ᠂ ᠰᠦᠢᠳᠬᠡᠭᠰᠡᠨ᠂ ᠬᠤᠪᠤᠷ ᠨᠠᠨᠳᠢᠨ ᠮᠤᠳᠤ ᠪᠤᠶᠤ ᠤᠯᠤᠰ ᠤᠨ ᠭᠤᠤᠯᠳᠠᠯᠠᠭ᠎ᠠ ᠲᠠᠢ ᠬᠠᠮᠠᠭᠠᠯᠠᠯᠳᠠ ᠳᠤ ᠪᠠᠶᠢᠭ᠎ᠠ ᠪᠤᠰᠤᠳ ᠤᠷᠭᠤᠮᠠᠯ ᠵᠢᠴᠢ ᠲᠡᠬᠦᠨ ᠤᠨ ᠤ ᠦᠢᠯᠡᠳᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠦᠬᠡᠬᠡᠪᠦᠷᠢᠯᠡᠭᠰᠡᠨ᠂ ᠪᠤᠯᠪᠠᠰᠤᠷᠠᠭᠤᠯᠤᠭᠰᠠᠨ᠂ ᠬᠤᠳᠠᠯᠳᠤᠭᠰᠠᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠲᠦᠷᠪᠡ᠂ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠤ ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠬᠦ ᠶᠢ ᠬᠠᠷᠰᠢᠯᠠᠪᠠᠯ᠂ ᠬᠠᠤᠯᠢ ᠶᠤᠰᠤᠭᠠᠷ ᠬᠠᠤᠯᠢ ᠴᠠᠭᠠᠵᠠ  ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                                                         ᠤᠷᠠᠳ ᠤᠨ ᠡᠮᠦᠨᠡᠳᠦ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ                                                                          2022 ᠤᠨ ᠤ 5 ᠰᠠᠷ᠎ᠠ ᠶᠢᠨ5 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ