ᠬᠡᠦᠬᠡᠳ ᠤᠨ ᠤᠭᠤᠷᠠᠭ ᠰᠢᠳᠦ ᠬᠤᠷᠣᠬᠠᠶᠢᠲᠤᠬᠤ ᠡᠪᠡᠳᠴᠢᠨ ᠢ ᠤᠮᠳᠤᠭᠠᠶᠢᠯᠠᠵᠤ ᠪᠣᠯᠬᠤ ᠦᠭᠡᠢ᠃ | ᠤᠭᠤᠷᠠᠭ ᠰᠢᠳᠦ ᠶᠢᠨ ᠡᠷᠡᠭᠦᠯ ᠮᠡᠨᠳᠦ ᠨᠢ ᠠᠮᠠᠨ ᠬᠥᠨᠳᠡᠶ᠂ ᠡᠷᠡᠦ ᠲᠦᠭᠦᠰᠢ ᠶᠢᠨ ᠬᠡᠰᠡᠭ ᠴᠢᠨᠠᠭᠰᠢᠯᠠᠪᠠᠯ ᠪᠦᠬᠦ ᠪᠡᠶ᠎ᠡ ᠶᠢᠨ ᠬᠡᠪ ᠤᠨ ᠪᠤᠶᠢᠵᠢᠯᠲᠠ᠂ | ᠠᠪᠢᠶᠠᠯᠠᠬᠤ ᠡᠷᠭᠡᠳᠡᠨ ᠵᠡᠷᠭᠡ ᠳᠤ ᠪᠦᠷ ᠮᠠᠰᠢ ᠴᠢᠬᠤᠯᠠ ᠨᠦᠯᠦᠭᠡ ᠲᠠᠢ ᠪᠠᠶᠢᠳᠠᠭ᠃ ᠬᠥᠬᠡᠬᠤᠲᠠ ᠶᠢᠨ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ | ᠬᠡᠦᠬᠡᠳ ᠤᠨ ᠰᠢᠳᠦᠨ ᠤ ᠡᠪᠡᠳᠴᠢᠨ ᠤ ᠰᠠᠯᠠᠭ᠎ᠠ ᠶᠢᠨ ᠡᠷᠬᠢᠯᠡᠭᠴᠢ ᠯᠢᠦ ᠵᠢᠩ ᠫᠢᠩ ᠲᠠᠨᠢᠯᠴᠠᠭᠤᠯᠬᠤ ᠳᠠᠭᠠᠨ᠂ ᠰᠢᠳᠦ ᠬᠤᠷᠣᠬᠠᠶᠢᠲᠤᠬᠤ ᠶᠢ ᠰᠡᠷᠭᠡᠶᠢᠯᠡᠬᠦ ᠳᠤ ᠡᠩ | ᠲᠡᠷᠢᠭᠦᠨ ᠳᠤ ᠨᠢᠯᠬ᠎ᠠ ᠬᠡᠦᠬᠡᠳ ᠤᠨ ᠠᠮᠠᠨ ᠬᠥᠨᠳᠡᠶ ᠶᠢᠨ ᠠᠷᠢᠭᠤᠨ ᠴᠡᠪᠡᠷ ᠤᠨ ᠳᠠᠳᠬᠠᠯ ᠠᠴᠠ ᠭᠠᠷᠳᠠᠬᠤ ᠬᠡᠷᠡᠭᠲᠡᠶ᠃ ᠨᠢᠯᠬ᠎ᠠ ᠬᠡᠦᠬᠡᠳ ᠤᠨ ᠤᠭᠤᠷᠠᠭ ᠰᠢᠳᠦ | ᠭᠠᠷᠬᠤ ᠠᠴᠠ ᠡᠮᠦᠨ᠎ᠡ᠂ ᠭᠡᠷ ᠤᠨ ᠠᠬᠠᠮᠠᠳ ᠨᠢ ᠡᠳᠦᠷ ᠪᠦᠷᠢ ᠬᠡᠦᠬᠡᠳ ᠤᠨ ᠢᠶᠠᠨ ᠠᠮᠠᠨ ᠬᠥᠨᠳᠡᠢ ᠶᠢ ᠴᠡᠪᠡᠷᠯᠡᠵᠦ ᠥᠭᠬᠦ ᠬᠡᠷᠡᠭᠲᠡᠢ᠃ ᠠᠩᠬᠠᠨ ᠤ ᠤᠭᠤᠷᠠᠭ | ᠰᠢᠳᠦ ᠨᠢ ᠴᠤᠬᠤᠶᠢᠵᠤ ᠭᠠᠷᠤᠭᠰᠠᠨ ᠤ ᠳᠠᠷᠠᠭ᠎ᠠ᠂ ᠬᠡᠷ ᠤᠨ ᠠᠬᠠᠮᠠᠳ ᠨᠢ ᠪᠠᠺᠲ᠋ᠧᠷᠢ ᠥᠬᠡᠶ ᠱᠠ ᠪᠥᠰ ᠢ ᠹᠢᠽᠢᠣᠯᠣᠭᠢ ᠶᠢᠨ ᠳᠠᠪᠤᠰᠤ ᠲᠠᠢ ᠤᠰᠤ ᠪᠤᠶᠤ | ᠪᠤᠴᠠᠯᠤᠭᠰᠠᠨ ᠤᠰᠤᠨ ᠳᠤ ᠳᠦᠷᠦᠵᠦ ᠰᠢᠳᠦ ᠶᠢ ᠵᠦᠯᠬᠦᠵᠦ ᠦᠭᠭᠦ᠂ ᠡᠰᠡᠬᠦᠯ᠎ᠡ ᠬᠤᠷᠤᠭᠤᠨ ᠳᠤ ᠤᠬᠯᠠᠬᠰᠠᠨ ᠲᠤᠰᠬᠠᠶ ᠰᠢᠳᠦᠨ ᠱᠦ᠋ᠧᠠᠰᠠ ᠪᠠᠷ ︽ | ᠲᠤᠭᠤᠷᠢᠭᠤᠯᠤᠨ ᠱᠦ᠋ᠧᠠᠰᠠᠳᠠᠬᠤ︾ ᠠᠷᠭ᠎ᠠ ᠪᠠᠷ ᠨᠢᠯᠬ᠎ᠠ ᠬᠡᠦᠬᠡᠳ ᠤᠨ ᠢᠶᠠᠨ ᠰᠢᠳᠦ ᠶᠢ ᠱᠦ᠋ᠧᠠᠰᠠᠳᠠᠵᠤ ᠦᠭᠭᠦ ᠶᠢᠨ ᠬᠠᠮᠳᠤ ᠪᠤᠶᠢᠯᠠ ᠶᠢ ᠨᠢ ᠨᠤᠬᠤᠯᠠᠵᠤ ᠥᠭᠴᠦ | ᠪᠤᠯᠤᠨ᠎ᠠ᠃ ᠣᠯᠠᠨ ᠤᠭᠤᠷᠠᠭ ᠰᠢᠳᠦ ᠭᠠᠷᠤᠭᠰᠠᠨ ᠤ ᠳᠠᠷᠠᠭ᠎ᠠ᠂ ᠬᠡᠦᠬᠡᠳ ᠤᠨ ᠰᠢᠳᠦᠨ ᠱᠦ᠋ᠧᠠᠰᠠ ᠶᠢ ᠰᠣᠯᠢᠵᠤ ᠠᠳᠠᠯᠢᠬᠠᠨ ᠠᠷᠭ᠎ᠠ ᠪᠠᠷ ᠬᠡᠦᠬᠡᠳ ᠤᠨ ᠢᠶᠠᠨ ᠠᠮᠠᠨ | ᠬᠥᠨᠳᠡᠶ ᠶᠢ ᠴᠡᠪᠡᠷᠯᠡᠵᠦ ᠦᠭᠭᠦ ᠬᠡᠷᠡᠭᠲᠡᠶ ᠬᠡᠪᠡ᠃ ︽ᠬᠡᠦᠬᠡᠳ ᠤᠨ ᠠᠷᠠᠭ᠎ᠠ ᠰᠢᠳᠦ ᠰᠣᠶᠣᠭᠠᠯᠠᠨ ᠭᠠᠷᠬᠤ ᠦᠶ᠎ᠡ ᠳᠤ᠂ ᠠᠷᠠᠭ᠎ᠠ ᠰᠢᠳᠦ ᠨᠤᠭᠤᠳ ᠨᠢ ᠬᠤᠲᠣᠭᠤᠷ | ᠭᠦᠳᠦᠭᠦᠷ ᠵᠠᠶ ᠵᠠᠪᠰᠠᠷ ᠲᠠᠢ ᠮᠦᠷᠳᠡᠭᠡᠨ ᠲᠡᠭᠰᠢ ᠦᠭᠡᠢ ᠪᠠᠶᠢᠳᠠᠭ᠂ ᠡᠲᠡᠭᠡᠷ ᠬᠤᠲᠣᠭᠤᠷ ᠭᠦᠳᠦᠭᠦᠷ ᠵᠠᠶ ᠵᠠᠪᠰᠠᠷ ᠤᠨ ᠬᠢᠨᠢ ᠬᠤᠭᠤᠷᠤᠨᠳᠤ ᠪᠠᠺᠲ᠋ᠧᠷᠢ ᠮᠠᠰᠢ | ᠠᠮᠠᠷᠬᠠᠨ ᠬᠤᠷᠠᠮᠳᠤᠨ ᠴᠤᠬᠯᠠᠷᠠᠵᠤ ᠪᠠᠶᠢᠳᠠᠭ︾ ᠬᠡᠵᠦ ᠯᠢᠦ ᠵᠢᠩ ᠫᠢᠩ ᠬᠡᠯᠡᠭᠰᠡᠨ ᠢᠶᠠᠨ ᠵᠠᠯᠭᠠᠭᠠᠳ᠂ ᠰᠢᠳᠦᠨ ᠵᠠᠶ ᠵᠠᠪᠰᠠᠷ ᠢ ᠨᠢ ᠪᠦᠭᠯᠡᠪᠡᠯ ᠭᠡᠦᠭᠡᠳ ᠤᠨ ᠰᠢᠳᠤ | ᠬᠤᠷᠣᠬᠠᠶᠢᠲᠤᠬᠤ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ 3 - 5 ᠨᠠᠰᠤᠨ ᠤ ᠦᠶ᠎ᠡ ᠪᠣᠯ ᠬᠡᠦᠬᠡᠳ ᠤᠨ ᠡᠯ᠎ᠡ ᠵᠦᠢᠯ ᠤᠨ ᠰᠢᠳᠦ ᠬᠤᠷᠣᠬᠠᠶᠢᠲᠤᠬᠤ | ᠡᠪᠡᠳᠴᠢᠨ ᠣᠯᠠᠨ ᠡᠭᠦᠰᠬᠦ ᠡᠭᠦᠰᠬᠦ ᠬᠤᠭᠤᠴᠠᠭ᠎ᠠ ᠪᠣᠯᠤᠨ᠎ᠠ᠂ ᠬᠡᠦᠬᠡᠳ ᠤᠨ ᠰᠢᠳᠤᠨ ᠤ ᠵᠠᠢ ᠵᠠᠪᠰᠠᠷ ᠬᠤᠷᠣᠬᠠᠶᠢᠲᠤᠬᠤ ᠠᠴᠠ ᠭᠠᠳᠠᠨ᠎ᠠ᠂ ᠡᠨᠡᠬᠦ ᠬᠤᠭᠤᠴᠠᠭᠠᠨ ᠳᠤ | ᠬᠡᠦᠬᠡᠳ ᠤᠨ ᠰᠢᠳᠦ ᠨᠤᠭᠤᠳ ᠲᠤ ᠬᠤᠪᠢᠷᠠᠯᠳᠠ ᠭᠠᠷᠴᠤ᠂ ᠰᠢᠳᠦ ᠳᠤᠨᠢ ᠵᠠᠪᠰᠠᠷ ᠭᠠᠷᠳᠠᠭ᠂ ᠡᠶᠢᠮᠦ ᠠᠴᠠ ᠢᠳᠡᠭᠡᠨ ᠬᠡᠦᠬᠡᠳ ᠤᠨ ᠰᠢᠳᠦᠨ ᠤ ᠵᠠᠪᠰᠠᠷ ᠲᠤᠨᠢ | ᠠᠮᠠᠷᠬᠠᠨ ᠤᠷᠤᠵᠤ᠂ ᠰᠢᠳᠦ ᠶᠢ ᠨᠢ ᠬᠤᠷᠣᠬᠠᠶᠢᠲᠤᠭᠤᠯᠳᠠᠭ ᠬᠡᠵᠦ ᠬᠡᠯᠡᠪᠡ᠃ ᠯᠢᠦ ᠵᠢᠩ ᠫᠢᠩ ᠬᠡᠷ ᠤᠨ ᠠᠬᠠᠮᠠᠳ ᠲᠤ᠄ ᠰᠢᠳᠦ ᠬᠤᠷᠣᠬᠠᠶᠢᠲᠤᠬᠤ ᠡᠪᠡᠳᠴᠢᠨ ᠢ | ᠡᠷᠳᠡᠭᠡᠨ ᠡᠮᠨᠡᠨ ᠵᠠᠰᠠᠭᠤᠯᠪᠠᠯ ᠴᠠᠭ ᠨᠢ ᠣᠬᠤᠷ᠂ ᠡᠪᠡᠷᠰᠢᠶᠡᠯ ᠨᠢ ᠪᠠᠭ᠎ᠠ᠂ ᠵᠠᠰᠠᠯᠳᠠ ᠠᠪᠬᠤ ᠪᠠᠷ ᠰᠠᠶᠢᠨ ᠪᠠᠶᠢᠳᠠᠭ᠃ ᠬᠡᠷᠪᠡ ᠴᠠᠭ ᠲᠤᠬᠠᠶ ᠳᠤᠨᠢ ᠡᠮᠨᠡᠨ | ᠵᠠᠰᠠᠭᠤᠯᠬᠤ ᠦᠭᠡᠢ ᠶᠤᠮ ᠥᠬᠡᠶ ᠪᠣᠯ ᠪᠠᠶᠢᠡᠭᠭᠤ ᠶᠢᠨ ᠰᠢᠳᠦᠨ ᠤ ᠪᠤᠶᠢᠵᠢᠯᠲᠠ ᠶᠢ ᠨᠥᠯᠥᠭᠡᠯᠡᠵᠦ᠂ ᠡᠷᠡᠦ ᠶᠠᠰᠤ ᠪᠠ ᠰᠢᠳᠦᠨ ᠤ ᠵᠢᠭᠰᠠᠭᠠᠯᠳᠠ ᠶᠢ ᠨᠦᠯᠦᠭᠡᠯᠡᠬᠦ | ᠠᠰᠠᠭᠤᠳᠠᠯ ᠭᠠᠷᠬᠤ ᠶᠢᠨ ᠤᠯᠠᠮ ᠢᠶᠠᠷ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠦᠯᠦᠭᠡᠯᠡᠬᠦ ᠪᠤᠯᠤᠨ᠎ᠠ ᠬᠡᠵᠦ ᠰᠠᠨᠠᠭᠤᠯᠵᠠᠢ᠃ | |