ᠨᠡᠶᠢᠭᠡᠮ ᠤᠨ ᠬᠦᠭᠵᠢᠯᠳᠡ᠂ ᠤᠳᠤ ᠦᠶ᠎ᠡ ᠶᠢᠨ ᠭᠡᠷ ᠪᠦᠯᠢ ᠶᠢᠨ ᠠᠵᠢᠯ ᠤᠨ ᠬᠤᠪᠢᠶᠠᠷᠢᠯᠠᠯ ᠢᠶᠠᠷ ᠭᠡᠷ ᠪᠦᠯᠢ ᠶᠢᠨ ᠰᠤᠷᠭᠠᠨ ᠬᠦᠮᠦᠵᠢᠯ ᠳᠤ ᠰᠢᠨ᠎ᠡ ᠪᠤᠰᠤ | ᠨᠢᠭᠡᠨ ᠠᠰᠠᠭᠤᠳᠠᠯ ᠤᠯᠠᠮ ᠢᠶᠠᠷ ᠳᠤᠳᠤᠷᠠᠵᠤ ᠪᠠᠶᠢᠨ᠎ᠠ᠃ ᠲᠡᠷᠡ ᠨᠢ ᠪᠤᠯ ᠲᠠᠷᠤᠢ ᠠᠪᠤ ᠶᠢᠨ ᠬᠠᠶᠢᠷ᠎ᠠ ᠶᠢᠨ ᠳᠤᠳᠠᠭᠤᠳᠠᠯ ᠪᠤᠯᠤᠨ᠎ᠠ᠃ ᠪᠦᠷᠢᠨ ᠪᠤᠰᠤ | ᠪᠠᠶᠢᠴᠠᠭᠠᠯᠳᠠ ᠶᠢ ᠦᠨᠳᠦᠰᠦᠯᠡᠪᠡᠯ 60% ᠶᠢᠨ ᠡᠵᠢ ᠬᠦᠮᠦᠨ ᠭᠡᠷ ᠪᠦᠯᠢ ᠶᠢᠨ ᠰᠤᠷᠭᠠᠨ ᠬᠦᠮᠦᠵᠢᠯ ᠳᠤᠮᠳᠠ ᠲᠤᠯᠭᠠᠭᠤᠷᠢ ᠦᠢᠯᠡᠳᠦᠯ ᠦᠵᠡᠭᠦᠯᠵᠤ᠂ ᠠᠪᠤ | ᠬᠦᠮᠦᠨ ᠤ ᠦᠨᠡᠨ ᠬᠦ ᠦᠵᠡᠭᠦᠯᠵᠤ ᠪᠠᠶᠢᠭ᠎ᠠ ᠦᠢᠯᠡᠳᠦᠯ ᠤᠨ ᠬᠠᠷᠢᠴᠠᠯ ᠨᠢ 15% ᠯᠡ ᠪᠠᠶᠢᠨ᠎ᠠ᠃ ᠠᠪᠤ ᠡᠵᠢ ᠨᠢ ᠬᠠᠮᠳᠤ ᠳᠠᠭᠠᠨ ᠰᠤᠷᠭᠠᠨ ᠬᠦᠮᠦᠵᠢᠯ ᠤᠨ | ᠬᠠᠷᠢᠭᠤᠴᠠᠯᠭ᠎ᠠ ᠡᠭᠦᠷᠭᠡᠯᠡᠵᠤ ᠪᠠᠶᠢᠭ᠎ᠠ ᠨᠢ ᠭᠤᠷᠪᠠᠨ ᠤ ᠨᠢᠭᠡ ᠬᠤᠪᠢ ᠳᠤ ᠴᠦ ᠬᠦᠷᠬᠦ ᠦᠭᠡᠢ᠂ ᠭᠡᠷ ᠪᠦᠯᠢ ᠶᠢᠨ ᠰᠤᠷᠭᠠᠨ ᠬᠦᠮᠦᠵᠢᠯ ᠤᠨ ᠳᠤᠮᠳᠠ ᠠᠪᠤ | ᠬᠦᠮᠦᠨ ᠤ ᠬᠦᠮᠦᠵᠢᠯ ᠳᠤᠳᠠᠬᠳᠠᠵᠤ ᠪᠠᠶᠢᠭ᠎ᠠ ᠪᠠᠶᠢᠳᠠᠯ ᠮᠠᠰᠢ ᠬᠦᠨᠳᠦ ᠨᠤᠴᠢᠳᠠᠢ᠃ ᠤᠯᠠᠩᠬᠢ ᠠᠪᠤ ᠨᠠᠷ ︽ᠡᠷᠡᠭᠳᠡᠢ ᠨᠢ ᠭᠠᠳᠠᠨᠠᠬᠢ ᠠᠵᠢᠯ᠂ ᠡᠮᠡᠭᠳᠡᠢ ᠨᠢ | ᠳᠤᠳᠤᠨᠠᠬᠢ ᠠᠵᠢᠯ︾ ᠭᠡᠬᠦ ᠤᠯᠠᠮᠵᠢᠯᠠᠯᠳᠤ ᠠᠵᠢᠯ ᠤᠨ ᠬᠤᠪᠢᠶᠠᠷᠢᠯᠠᠯ ᠤᠨ ᠨᠦᠯᠦᠭᠡᠯᠡᠯ ᠢ ᠬᠦᠷᠳᠡᠵᠤ᠂ ᠬᠡᠦᠬᠡᠳ ᠤᠨ ᠰᠤᠷᠭᠠᠨ ᠬᠦᠮᠦᠵᠢᠯ ᠳᠤ ᠤᠯᠠᠨ ᠵᠦᠢᠯ ᠤᠨ | ᠰᠢᠯᠳᠠᠭ ᠢᠶᠠᠷ ᠬᠤᠯᠠᠳᠠᠵᠤ ᠬᠡᠦᠬᠡᠳ ᠲᠤ ᠳᠡᠰᠪᠦᠷᠢ ᠳᠡᠪᠴᠢᠶᠠᠷᠢ ᠪᠠᠷ ᠲᠤᠳᠠᠮᠠᠬ ᠪᠤᠯᠵᠤ᠂ ᠤᠯᠠᠨ ᠰᠢᠯᠳᠠᠭ ᠢᠶᠠᠷ ᠬᠠᠷᠢᠭᠤᠴᠠᠯᠭ᠎ᠠ ᠪᠠᠨ ᠲᠦᠯᠬᠢᠬᠦ᠂ ᠬᠠᠳᠠᠭᠤ ᠨᠢ | ᠤᠯᠠᠨ ᠵᠦᠭᠡᠯᠡᠨ ᠨᠢ ᠴᠦᠭᠡᠨ᠂ ᠬᠠᠷᠠᠯᠳᠠ ᠳᠤᠳᠤ ᠪᠤᠰᠤ ᠵᠡᠷᠭᠡ ᠨᠠᠵᠠᠭᠠᠢ ᠤᠨᠴᠠᠯᠢᠭ ᠢᠶᠠᠷ ᠭᠡᠷ ᠪᠦᠯᠢ ᠶᠢᠨ ᠰᠤᠷᠭᠠᠨ ᠬᠦᠮᠦᠵᠢᠯ ᠳᠤ ︽ᠬᠦᠡᠭᠭᠡᠷᠡᠵᠤ︾ ᠪᠠᠶᠢᠨ᠎ᠠ᠃ | ᠠᠪᠤ ᠬᠦᠮᠦᠨ ᠡᠷᠴᠢ ᠵᠤᠷᠢᠭ ᠰᠦᠷ ᠬᠦᠴᠦᠨ ᠲᠠᠢ᠂ ᠡᠷᠡᠰ ᠰᠢᠭᠤᠷᠬᠠᠢ ᠵᠠᠩ ᠴᠢᠨᠠᠷ ᠲᠠᠢ᠃ ᠭᠡᠷ ᠪᠦᠯᠢ ᠶᠢᠨ ᠰᠤᠷᠭᠠᠨ ᠬᠦᠮᠦᠵᠢᠯ ᠳᠤᠮᠳᠠ ᠡᠵᠢ | ᠬᠦᠮᠦᠨ ᠠᠴᠠ ᠨᠡᠩ ᠢᠯᠡᠭᠦᠦ ᠲᠦᠯᠦᠪᠯᠡᠭᠡ ᠲᠠᠢ᠂ ᠬᠠᠷᠠᠯᠳᠠ ᠲᠠᠢ᠂ ᠮᠡᠳᠡᠯᠭᠡ ᠶᠢᠨ ᠬᠡᠪᠴᠢᠶ᠎ᠡ ᠦᠷᠭᠡᠨ ᠵᠡᠷᠭᠡ ᠰᠢᠨᠵᠢ ᠴᠢᠨᠠᠷ ᠦᠢᠯᠡᠳᠦᠯ ᠲᠠᠢ ᠶᠤᠮ᠃ ᠲᠡᠬᠡᠬᠦ ᠪᠠᠷ | ᠡᠬᠦᠨ ᠢ ᠨᠢ ᠡᠵᠢ ᠪᠤᠯᠤᠬᠰᠠᠳ ᠪᠦᠷᠢᠮᠦᠰᠦᠨ ᠤᠷᠤᠯᠠᠭᠤᠯᠵᠤ ᠦᠯᠦ ᠴᠢᠳᠠᠬᠤ ᠶᠤᠮ᠃ | ᠠᠪᠤ ᠬᠦᠮᠦᠨ ᠬᠡᠦᠬᠡᠳ ᠲᠠᠢ ᠪᠠᠨ ᠨᠠᠭᠠᠳᠴᠤ ᠳᠤᠭᠯᠠᠬᠤ ᠳᠤ ᠬᠠᠮᠤᠭ ᠤᠨ ᠰᠠᠶᠢᠨ ᠬᠠᠨᠢ ᠪᠦᠬᠡᠳ ᠬᠡᠦᠬᠡᠳ ᠤᠨ ᠨᠡᠶᠢᠭᠡᠮᠴᠢ ᠴᠢᠨᠠᠷ ᠤᠨ ᠬᠦᠭᠵᠢᠯᠳᠡ ᠳᠤ | ᠰᠠᠶᠢᠨ ᠪᠠᠶᠢᠳᠠᠭ᠃ ᠠᠪᠤ ᠶᠢᠨ ᠬᠠᠶᠢᠷ᠎ᠠ ᠨᠢ ᠬᠡᠦᠬᠡᠳ ᠤᠨ ᠰᠠᠶᠢᠨ ᠰᠠᠶᠢᠬᠠᠨ ᠵᠠᠩ ᠴᠢᠨᠠᠷ ᠤᠨ ᠪᠦᠷᠢᠯᠳᠦᠯ ᠳᠤ ᠠᠰᠢᠬᠳᠠᠢ᠃ ᠠᠪᠤ ᠶᠢᠨ ᠬᠠᠶᠢᠷ᠎ᠠ ᠨᠢ ᠬᠡᠦᠬᠡᠳ ᠤᠨ | ᠦᠪᠡᠷ ᠤᠨ ᠴᠢᠨᠠᠷ ᠤᠨ ᠢᠯᠭᠠᠯ ᠤᠨ ᠳᠠᠨᠢᠯᠳᠠ ᠳᠤ ᠮᠠᠰᠢ ᠶᠡᠭᠡ ᠨᠦᠯᠦᠭᠡ ᠲᠠᠢ᠃ ᠬᠦᠦ ᠬᠦᠮᠦᠨ ᠳᠤ ᠠᠪᠤ ᠪᠤᠯ ᠡᠷᠡᠭᠳᠡᠢ ᠬᠦᠮᠦᠨ ᠤ ᠪᠠᠷᠢᠮᠵᠢᠶ᠎ᠠ᠂ ᠬᠡᠦᠬᠡᠨ ᠬᠦᠮᠦᠨ | ᠠᠪᠤ ᠪᠠᠷ ᠢᠶᠠᠨ ᠡᠷᠡᠭᠳᠡᠢ ᠬᠦᠮᠦᠨ ᠤ ᠠᠮᠢᠳᠤᠷᠠᠯ ᠤᠨ ᠠᠷᠭ᠎ᠠ ᠬᠡᠯᠪᠡᠷᠢ ᠵᠡᠷᠭᠡ ᠶᠢ ᠳᠠᠨᠢᠳᠠᠭ᠃ ᠠᠪᠤ ᠶᠢᠨ ᠬᠠᠶᠢᠷ᠎ᠠ ᠨᠢ ᠪᠠᠰᠠ ᠬᠡᠦᠬᠡᠳ ᠤᠨ ᠤᠶᠤᠨ ᠪᠢᠯᠢᠭ ᠤᠨ | ᠬᠦᠭᠵᠢᠯᠳᠡ ᠳᠤ ᠠᠰᠢᠬᠳᠠᠢ᠃ ᠠᠪᠤ ᠬᠦᠮᠦᠨ ᠪᠠᠰᠠ ᠭᠡᠷ ᠪᠦᠯᠢ ᠶᠢᠨ ᠰᠤᠷᠭᠠᠨ ᠬᠦᠮᠦᠵᠢᠯ ᠪᠠ ᠭᠡᠷ ᠪᠦᠯᠢ ᠶᠢᠨ ᠵᠦᠷᠢᠴᠡᠯ ᠳᠤᠮᠳᠠ ᠳᠡᠩᠴᠡᠭᠦᠯᠬᠦ ᠦᠢᠯᠡᠳᠦᠯ | ᠦᠵᠡᠬᠦᠯᠳᠡᠭ᠃ ᠠᠪᠤ ᠶᠢᠨ ᠬᠠᠶᠢᠷ᠎ᠠ ᠪᠤᠯ ᠭᠡᠷ ᠪᠦᠯᠢ ᠶᠢᠨ ᠰᠤᠷᠭᠠᠨ ᠬᠦᠮᠦᠵᠢᠯ ᠳᠤᠮᠳᠠᠬᠢ ᠰᠡᠳᠬᠢᠴᠡ ᠶᠢᠨ ᠲᠤᠯᠭᠠᠭᠤᠷᠢ᠂ ᠭᠡᠷ ᠪᠦᠯᠢ ᠶᠢᠨ ᠰᠡᠳᠬᠢᠴᠡ ᠶᠢᠨ | ᠲᠤᠬᠢᠷᠠᠭᠤᠯᠤᠬᠴᠢ ᠪᠤᠯᠤᠨ᠎ᠠ᠃ | ᠭᠡᠷ ᠪᠦᠯᠢ ᠶᠢᠨ ᠬᠦᠮᠦᠵᠢᠯ ᠳᠤ ᠠᠪᠤ ᠶᠢᠨ ᠤᠷᠤᠯᠴᠠᠯᠭ᠎ᠠ ᠳᠤᠳᠠᠬᠳᠠᠪᠠᠯ ᠬᠡᠦᠬᠡᠳ ᠤᠨ ᠦᠰᠦᠨ ᠪᠤᠶᠢᠵᠢᠯᠳᠡ ᠳᠤ ᠨᠠᠵᠠᠭᠠᠢ ᠦᠷ᠎ᠠ ᠳ᠋ᠦᠩ ᠠᠪᠴᠢᠷᠠᠳᠠᠭ᠃ | ᠤᠷᠳᠤ ᠬᠤᠭᠤᠴᠠᠭ᠎ᠠ ᠪᠠᠷ ᠠᠪᠤ ᠶᠢᠨ ᠬᠠᠶᠢᠷ᠎ᠠ ᠳᠤᠳᠠᠬᠰᠠᠨ ᠬᠡᠦᠬᠡᠳ ︽ᠠᠪᠤ ᠶᠢᠨ ᠬᠠᠶᠢᠷ᠎ᠠ ᠳᠤᠳᠠᠬᠰᠠᠨ ᠭᠡᠮ︾ ᠤᠯᠳᠠᠭ᠃ ᠬᠡᠦᠬᠡᠳ ᠤᠨ ᠠᠮᠢᠳᠤᠷᠠᠯ ᠳᠤ ᠤᠯᠠᠨ | ᠶᠠᠷᠰᠢᠭ ᠲᠦᠪᠡᠭ ᠠᠪᠴᠢᠷᠠᠵᠤ᠂ ᠴᠢᠨᠠᠬᠰᠢᠯᠠᠨ ᠬᠡᠦᠬᠡᠳ ᠤᠨ ᠨᠠᠰᠤᠨ ᠲᠤᠷᠰᠢᠳᠠ ᠶᠢᠨ ᠦᠰᠦᠨ ᠪᠤᠶᠢᠵᠢᠯᠳᠠ ᠶᠢ ᠨᠦᠯᠦᠭᠡᠯᠡᠳᠡᠭ᠃ ᠠᠮᠧᠷᠢᠺᠠ᠂ ᠠᠩᠭ᠍ᠯᠢ᠂ | ᠭᠧᠷᠮᠠᠨ ᠤ ᠵᠠᠷᠢᠮ ᠰᠤᠳᠤᠯᠭᠠᠨ ᠤ ᠢᠯᠡᠷᠡᠭᠦᠯᠦᠯᠳᠡ ᠳᠤ᠂ ᠠᠪᠤ ᠶᠢᠨ ᠬᠠᠶᠢᠷ᠎ᠠ ᠳᠤᠳᠠᠮᠠᠭ ᠬᠡᠦᠬᠡᠳ ᠤᠨ ᠨᠠᠰᠤ ᠨᠢ ᠬᠡᠳᠦᠢ ᠪᠠᠭ᠎ᠠ ᠪᠤᠯᠬᠤ ᠳᠤᠳᠤᠮ ᠡᠶᠢᠮᠦᠷᠬᠦᠤ ᠭᠡᠮ ᠢ | ᠤᠯᠬᠤ ᠨᠤᠷᠮ᠎ᠠ ᠨᠢ ᠬᠡᠳᠦᠢ ᠦᠨᠳᠦᠷ ᠪᠠᠶᠢᠵᠤ᠂ ᠤᠨᠴᠠᠭᠠᠢᠢᠯᠠᠨ ᠬᠦᠦ ᠬᠦᠮᠦᠨ ᠳᠤ ᠬᠠᠮᠤᠭ ᠠᠴᠠ ᠬᠦᠨᠳᠦ ᠨᠤᠴᠢᠳᠠᠢ ᠭᠡᠰᠡᠨ ᠪᠠᠶᠢᠨ᠎ᠠ᠃ | ︽ᠠᠪᠤ ᠶᠢᠨ ᠰᠤᠷᠭᠠᠯ ᠠᠯᠳᠠ︾ ᠬᠡᠳᠡᠭ ᠢᠶᠠᠷ ᠠᠪᠤ ᠬᠦᠮᠦᠨ ᠭᠡᠷ ᠤᠨ ᠬᠦᠮᠦᠵᠢᠯ ᠳᠤ ᠶᠠᠭᠠᠬᠢᠭᠰᠠᠨ ᠴᠦ ᠳᠤᠳᠠᠵᠤ ᠪᠤᠯᠬᠤ ᠦᠭᠡᠢ᠃ ᠠᠪᠤ ᠪᠤᠯᠤᠭᠰᠠᠳ | ᠪᠠᠰᠠ ᠦᠪᠡᠷ ᠤᠨ ᠬᠠᠶᠢᠷ᠎ᠠ ᠪᠠᠨ ᠵᠦᠪ ᠢᠶᠠᠷ ᠢᠯᠡᠳᠭᠡᠵᠤ ᠰᠤᠷᠬᠤ ᠨᠢ ᠴᠢᠬᠤᠯᠠ᠂ ᠬᠠᠶᠢᠷ᠎ᠠ ᠶᠢ ᠶᠠᠷᠢᠵᠤ ᠢᠯᠡᠳᠭᠡᠬᠦ ᠠᠴᠠ ᠭᠠᠳᠠᠨ᠎ᠠ ᠪᠠᠰᠠ ᠪᠤᠳᠠᠳᠤ | ᠠᠵᠢᠯᠯᠠᠭ᠎ᠠ ᠪᠠᠷ ᠢᠶᠠᠨ ᠬᠡᠷᠡᠴᠢᠯᠡᠵᠤ ᠮᠡᠳᠡᠷᠡᠭᠦᠯᠬᠦ ᠬᠡᠷᠡᠭᠳᠡᠢ᠃ ︽ᠡᠵᠢ ᠶᠢᠨ ᠰᠤᠷᠭᠠᠯ ᠡᠷᠳᠡᠨᠢ︾ ᠴᠦ ᠠᠪᠤ ᠶᠢᠨ ᠰᠤᠷᠭᠠᠯ ᠦᠭᠡᠢ ᠪᠤᠶᠤ ᠳᠤᠳᠠᠬᠤ ᠶᠤᠮ ᠪᠤᠯ | ᠬᠡᠦᠬᠡᠳ ᠤᠨ ᠰᠡᠳᠬᠢᠯ ᠬᠡᠷᠡᠯ ᠬᠡᠬᠡ ᠪᠠᠷ ᠳᠤᠳᠠᠬᠤ ᠪᠤᠯᠤᠨ᠎ᠠ᠃ | |