ᠪᠠᠷᠠᠭᠤᠨ ᠪᠠᠭ᠎ᠠ ᠵᠣᠣ ᠪᠠᠯᠭᠠᠰᠤ ᠣᠯᠠᠨ ᠠᠷᠭ᠎ᠠ ᠬᠡᠮᠵᠢᠶ᠎ᠡ ᠠᠪᠴᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/1
     ᠵᠢᠯ ᠪᠦᠷᠢ ᠶᠢᠨ 5 ᠳ᠋ᠤᠭᠠᠷ ᠰᠠᠷ᠎ᠠ ᠪᠣᠯ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠃ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠨᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠦᠴᠦᠲᠡᠢ ᠭᠠᠷᠳᠠᠴᠠ ᠮᠥᠨ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠣᠳᠠᠲᠠᠢ ᠠᠵᠢᠯᠯᠠᠭ᠎ᠠ ᠮᠥᠨ᠃ ᠡᠭᠦᠨ ᠤ ᠲᠤᠯᠠᠳᠠ᠂  ᠪᠠᠷᠠᠭᠤᠨ ᠪᠠᠭ᠎ᠠ ᠵᠤᠤ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠯᠠᠨ ᠵᠦᠢᠯ ᠤᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃    ᠨᠢᠭᠡ ᠳᠤ ︽ᠪᠠᠶᠢᠷᠢᠯᠠᠭᠤᠯᠤᠯᠲᠠ + ᠰᠤᠷᠤᠯᠴᠠᠯᠭ᠎ᠠ︾ ᠨᠢ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠢᠶᠠᠷ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠪᠠᠷᠠᠭᠤᠨ ᠪᠠᠭ᠎ᠠ ᠵᠤᠤ ᠪᠠᠯᠭᠠᠰᠤ ᠲᠤᠰᠬᠠᠢ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠤᠨ ᠬᠤᠷᠠᠯ ᠬᠤᠷᠠᠯᠳᠤᠭᠤᠯᠬᠤ ᠬᠡᠯᠪᠡᠷᠢ ᠪᠠᠷ ᠳᠠᠮᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠡᠷᠭᠡ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠲᠥᠪᠯᠡᠷᠡᠭᠦᠯᠦᠨ ᠰᠤᠷᠤᠯᠴᠠᠬᠤ ᠶᠢᠨ ᠬᠠᠮᠲᠤ᠂ ᠪᠦᠬᠦ ᠪᠠᠯᠭᠠᠰᠤᠨ ᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠰᠤᠷᠤᠯᠴᠠᠯᠭ᠎ᠠ ᠪᠠᠷ ᠬᠥᠳᠡᠯᠭᠡᠭᠦ ᠬᠦᠴᠦᠨ ᠢ ᠠᠬᠢᠭᠤᠯᠬᠤ ᠦᠷ᠎ᠡ ᠪᠦᠲᠦᠮᠵᠢ ᠳᠤ  ᠬᠦᠷᠭᠡᠵᠡᠢ᠃     ᠬᠤᠶᠠᠷ ᠲᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠨᠢ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠᠷ ᠪᠦᠯᠬᠦᠮᠳᠡᠯ  ᠢ ᠠᠬᠢᠭᠤᠯᠤᠨ᠎ᠠ᠃ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠭᠰᠡᠨ ᠠᠴᠠ ᠨᠠᠰᠢ᠂  ᠪᠠᠷᠠᠭᠤᠨ ᠪᠠᠭ᠎ᠠ ᠵᠤᠤ ᠪᠠᠯᠭᠠᠰᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠣᠯ ᠰᠡᠳᠦᠪ ᠤᠨ ᠲᠣᠭᠤᠷᠢᠨ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠠᠬᠢᠭᠤᠯᠬᠤ ᠲᠠᠢ ᠤᠶᠠᠯᠳᠤᠭᠤᠯᠵᠤ᠂ ᠲᠠᠷᠢᠶᠠᠴᠢᠳ ᠤᠨ ᠬᠡᠷᠡᠭᠴᠡᠭᠡ ᠳᠤ ᠴᠢᠭᠯᠡᠭᠦᠯᠵᠦ᠂ ᠬᠥᠮᠥᠰ ᠤᠨ ᠦᠵᠡᠵᠦ ᠰᠣᠨᠢᠷᠬᠠᠬᠤ ᠳᠤᠷᠠᠲᠠᠢ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠪᠴᠤ᠂ ᠰᠦᠯᠵᠢᠶᠡᠨ ᠳᠡᠭᠡᠷ᠎ᠡ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ᠂ ᠵᠢᠷᠭᠢᠶ᠎ᠡ ᠶᠢᠨ ᠠᠵᠢᠯ ᠤᠨ ᠪᠦᠯᠦᠭᠯᠡᠯ ᠢ ᠠᠰᠢᠭᠯᠠᠵᠤ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠴᠠᠭ ᠲᠤᠬᠠᠢ ᠳᠤᠨᠢ ᠤᠨᠢᠨ ᠳᠡᠭᠡᠷ᠎ᠡ ᠨᠢ ᠬᠦᠷᠭᠡᠵᠦ᠂ ᠲᠦᠷᠦ ᠶᠢᠨ ᠪᠣᠳᠣᠯᠭ᠎ᠠ ᠶᠢ ᠤᠬᠠᠭᠤᠯᠤᠨ ᠮᠡᠳᠡᠭᠦᠯᠬᠦ  ᠶᠢ ᠪᠡᠶᠡᠯᠡᠭᠦᠯᠪᠡ︔ ᠰᠦᠯᠵᠢᠶᠡᠨ ᠭᠠᠳᠠᠨ᠎ᠠ ᠤᠬᠠᠭᠤᠯᠭ᠎ᠠ  ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ  ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ  ᠶᠢᠨ ᠲᠠᠪᠴᠠᠩ ᠭᠠᠷᠭᠠᠬᠤ ᠵᠡᠷᠭᠡ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ  ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ  ᠢ  ᠤᠬᠠᠭᠤᠯᠤᠭᠰᠠᠨ ᠪᠠᠶᠢᠨ᠎ᠠ᠃     ᠭᠤᠷᠪᠠ ᠳᠤ ︽ᠵᠢᠱᠢᠶ᠎ᠡ ᠦᠵᠡᠭᠦᠯᠬᠦ + ᠳᠠᠶᠢᠴᠢᠯᠠᠬᠤ︾ ᠨᠢ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠬᠦᠴᠦᠨ ᠲᠠᠢ  ᠪᠣᠯᠭᠠᠪᠠ ᠃ ᠪᠦᠬᠦ ᠪᠠᠯᠭᠠᠰᠤᠨ ᠤ 11 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠷ ᠲᠦᠰᠢᠭ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠤᠬᠠᠭᠤᠯᠬᠤ ᠬᠡᠪᠴᠢᠶ᠎ᠡ ᠶᠢ ᠴᠢᠨᠠᠭᠰᠢᠳᠠ ᠥᠷᠭᠡᠳᠬᠡᠬᠦ ᠶᠢᠨ ᠬᠠᠮᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠪᠠᠰᠠ ᠤᠯᠠᠨ ᠲᠦᠮᠡᠨ ᠢ ᠢᠳᠡᠪᠬᠢᠲᠡᠢ ᠬᠠᠪᠰᠤᠷᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠠᠵᠢᠯ ᠢ ᠥᠷᠨᠢᠭᠦᠯᠵᠦ᠂ ᠪᠡᠶ᠎ᠡ ᠪᠠᠷ ᠢᠶᠠᠨ ᠬᠡᠪ  ᠳᠠᠭᠤᠷᠢᠶᠠᠯ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠢ ᠲᠠᠶᠢᠴᠢᠯᠠᠨ ᠡᠯ᠎ᠡ ᠵᠦᠢᠯ ᠤᠨ ᠠᠵᠢᠯ ᠳᠤ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ