ᠣᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠬᠠᠳᠠᠭᠠᠯᠠᠮᠵᠢ  ᠶᠢᠨ ᠳᠠᠭᠠᠳᠬᠠᠯ ᠤᠨ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/6/1
      ᠣᠶᠢᠷ᠎ᠠ ᠳᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠣᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠳᠡᠭᠡᠳᠦ ᠱᠠᠲᠤᠨ ᠤ ᠪᠠᠩᠬᠢ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠪᠠᠶᠢᠨ᠎ᠠ᠃      ᠲᠣᠰ ᠪᠠᠩᠬᠢ ᠨᠢ ᠨᠡᠶᠢᠭᠡᠮ ᠳᠤ ᠬᠠᠨᠳᠤᠭᠤᠯᠤᠭᠰᠠᠨ᠂ ᠬᠡᠷᠡᠭᠯᠡᠭᠴᠢᠳ ᠲᠤ ᠬᠠᠨᠳᠤᠭᠤᠯᠤᠭᠰᠠᠨ᠂ ᠠᠵᠢᠯᠲᠠᠳ ᠲᠤ ᠬᠠᠨᠳᠤᠭᠤᠯᠤᠭᠰᠠᠨ ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠠᠵᠢᠯ ᠢ ᠭᠦᠨᠵᠡᠭᠡᠶ ᠳᠥᠯᠭᠢᠨ ᠠᠬᠢᠭᠤᠯᠪᠠ᠃ ᠨᠢᠭᠡ ᠳᠤ᠂ ᠪᠦᠬᠦ ᠭᠡᠰᠢᠭᠦᠳ ᠤᠨ ᠰᠤᠷᠤᠯᠴᠠᠯᠭ᠎ᠠ ᠶᠢ ᠵᠣᠬᠢᠶᠠᠨ  ᠪᠠᠶᠢᠭᠤᠯᠪᠠ᠃ ᠬᠠᠳᠠᠭᠠᠯᠠᠮᠵᠢ ᠶᠢᠨ ᠳᠠᠭᠠᠳᠬᠠᠯ ᠤᠨ ᠮᠡᠳᠡᠯᠭᠡ ᠶᠢ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠬᠠᠷᠠᠭᠠᠨ ᠳᠠᠪᠲᠠᠮᠵᠢ ᠪᠤᠶᠤ ᠲᠤᠬᠠᠶ ᠶᠢᠨ ᠲᠠᠯᠠᠪᠠᠶ ᠶᠢᠨ ᠪᠣᠯᠪᠠᠰᠤᠷᠠᠭᠤᠯᠤᠯ ᠤᠨ ᠬᠡᠯᠪᠡᠷᠢ ᠪᠠᠷ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠦᠷ ᠴᠠᠭ ᠤᠨ  ᠠᠵᠢᠯᠲᠠᠨ᠂ ᠬᠠᠷᠢᠴᠠᠭᠠᠨ ᠤ ᠡᠷᠦᠬᠡ ᠶᠢᠨ ᠳᠠᠭᠠᠭᠠᠮᠠᠯ ᠵᠡᠷᠭᠡ ᠨᠢᠭᠡᠳᠦᠭᠡᠷ ᠹᠷᠣᠨᠲ ᠤᠨ ᠠᠵᠢᠯᠲᠠᠨ ᠳᠤ ᠴᠢᠭᠯᠡᠭᠦᠯᠦᠨ ᠰᠤᠷᠤᠯᠴᠠᠯᠭ᠎ᠠ ᠪᠣᠯᠪᠠᠰᠤᠷᠠᠭᠤᠯᠤᠯ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠳᠤ ᠬᠠᠳᠠᠭᠠᠯᠠᠮᠵᠢ ᠶᠢᠨ ᠳᠠᠭᠠᠳᠬᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠤᠯᠪᠠ᠃ ᠬᠤᠶᠠᠷ ᠲᠤ᠂ ᠡᠵᠡᠩᠨᠡᠯᠲᠡ ᠶᠢᠨ ᠲᠠᠯᠠᠪᠤᠷ ᠤᠨ ᠤᠬᠠᠭᠤᠯᠭ᠎ᠠ ᠶᠢ ᠦᠷᠨᠢᠭᠦᠯᠪᠡ᠃ ᠡᠵᠡᠩᠨᠡᠯᠲᠡ ᠶᠢᠨ ᠲᠢᠩᠬᠢᠮ ᠳᠤ ︽ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢ ᠭᠦᠨᠵᠡᠭᠡᠶᠢᠷᠡᠭᠦᠯᠵᠦ᠂ ︿ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ﹀ ᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ︾ ᠤᠬᠠᠭᠤᠯᠭ᠎ᠠ ᠶᠢᠨ  ᠪᠢᠴᠢᠭᠡᠰᠣ ᠶᠢ ᠡᠯᠭᠦᠵᠦ᠂ ᠤᠬᠠᠭᠤᠯᠭ᠎ᠠ ᠶᠢᠨ ᠵᠠᠷᠯᠠᠯ ᠨᠠᠭᠠᠵᠤ᠂ ᠢᠯᠡᠷᠬᠡᠶ ᠭᠠᠵᠠᠷ ᠲᠤ ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠯᠪᠢᠵᠤ᠂ ᠲᠤᠬᠠᠶᠢᠯᠠᠭᠰᠠᠨ ᠠᠵᠢᠯ ᠤᠨ ᠠᠵᠢᠯᠲᠠᠨ ᠬᠡᠵᠢᠶ᠎ᠡ ᠴᠦ ᠭᠡᠰᠡᠨ ᠠᠪᠴᠤ ᠦᠵᠡᠬᠦ ᠳᠤ ᠲᠥᠬᠦᠮ ᠦᠵᠡᠭᠦᠯᠵᠡᠢ︔ ᠭᠤᠷᠪᠠ ᠳᠤ᠂ ᠡᠳᠦᠷ ᠲᠤᠲᠤᠮ ᠤᠨ ᠤᠬᠠᠭᠤᠯᠭ᠎ᠠ ᠶᠢᠨ ᠰᠢᠨ᠎ᠡ ᠶᠢ ᠡᠬᠦᠳᠪᠡ᠃ ᠸᠢᠴᠠᠲ ᠲᠠᠪᠴᠠᠩ ᠢ ᠠᠰᠢᠭᠯᠠ ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢ ᠥᠷᠨᠢᠭᠦᠯᠵᠦ᠂ ᠵᠡᠭᠡᠯᠢ ᠲᠣᠭᠤᠷᠢᠭ᠂ ᠨᠡᠶᠢᠭᠡᠮ ᠲᠣᠭᠤᠷᠢᠭ ᠵᠡᠷᠭᠡ ᠭᠠᠵᠠᠷ ᠲᠤ ᠤᠬᠠᠭᠤᠯᠭ᠎ᠠ ᠥᠷᠨᠢᠭᠦᠯᠦᠨ᠂ ᠤᠬᠠᠭᠤᠯᠭ᠎ᠠ ᠶᠢᠨ ᠦᠷ᠎ᠡ ᠪᠦᠲᠦᠮᠵᠢ ᠶᠢ  ᠲᠡᠭᠡᠭᠰᠢᠯᠡᠬᠦᠯᠪᠡ᠃      ᠲᠠᠷᠠᠭᠠᠴᠢ ᠶᠢᠨ ᠠᠯᠬᠤᠮ ᠳᠤ᠂ ᠲᠣᠰ ᠪᠠᠩᠬᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠶᠠᠨ ᠳᠠᠬᠢ ᠮᠥᠩᠭᠦᠨ ᠬᠦᠢᠯᠭᠡᠭᠡᠨ ᠤ ᠠᠮᠤᠷ ᠲᠦᠪᠰᠢᠨ ᠪᠠ ᠮᠥᠩᠭᠦᠨ ᠬᠦᠢᠯᠭᠡᠭᠡᠨ ᠤ ᠲᠣᠭᠲᠠᠭᠤᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠠᠳᠠᠭᠠᠯᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠨ ᠪᠣᠳᠠᠲᠠᠶ ᠠᠳᠬᠤᠵᠤ᠂ ᠣᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠬᠡᠷᠡᠭᠯᠡᠭᠴᠢᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠰᠠᠶᠢᠨ ᠰᠠᠶᠢᠬᠠᠨ ᠨᠡᠶᠢᠭᠡᠮ ᠤᠨ ᠳᠦᠷᠢ ᠲᠥᠷᠬᠦ ᠶᠢ ᠢᠯᠡᠷᠡᠭᠦᠯᠬᠦ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ