ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠠᠷᠠᠳ ᠢᠷᠭᠡᠳ ᠤᠨ ᠤᠯᠤᠰ ᠤᠨ ᠠᠮᠤᠷ | ᠲᠦᠪᠰᠢᠨ ᠤ ᠤᠬᠠᠮᠰᠠᠷ ᠢ ᠴᠢᠩᠭᠠᠳᠬᠠᠨ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶ᠎ᠡ᠂ ᠠᠵᠤ ᠠᠬᠤᠶᠢᠯᠠᠯ᠂ | ᠪᠠᠶᠢᠭᠤᠯᠭ᠎ᠠ ᠨᠢᠭᠡᠴᠢ᠂ ᠬᠠᠷᠢᠶ᠎ᠠ ᠣᠷᠣᠨ᠂ ᠬᠡᠷ ᠪᠦᠯᠢ ᠶᠢᠨ ᠠᠵᠢᠯᠯᠠᠭ᠎ᠠ ᠳᠤ ᠭᠦᠨᠵᠡᠭᠡᠶ ᠪᠥᠭᠡᠳ ᠪᠣᠳᠠᠲᠠᠶ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ | ᠠᠬᠢᠭᠤᠯᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠰᠠᠨᠠᠭᠠᠴᠢᠯᠠᠭ᠎ᠠ ᠠᠴᠠ ᠪᠠᠨ ᠤᠷᠠᠳ ᠤᠨ ᠡᠮᠦᠨᠡᠲᠦ ᠬᠤᠰᠢᠭᠤᠨ ᠤ ᠲᠢᠶᠠᠨ ᠢ | ᠬᠤᠳᠠᠯᠳᠤᠭᠠᠨ ᠤ ᠠᠰᠠᠷ ᠲᠤ ᠬᠦᠷᠴᠦ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠲᠠᠷᠬᠠᠭᠠᠵᠤ᠂ ︽ᠡᠷᠬᠡᠲᠦ ᠠᠷᠠᠳ ᠤᠨ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ | ᠠᠵᠢᠯᠯᠠᠭᠠᠨ ᠤ ᠵᠢᠯᠣᠭᠤᠳᠤᠮᠵᠢ︾᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠠᠩᠬᠠᠷᠬᠤ ᠵᠡᠷᠭᠡ ᠠᠷᠭ᠎ᠠ ᠮᠠᠶ᠋ᠢᠭ ᠢᠶᠠᠷ ᠬᠠᠷᠢᠶ᠎ᠠ ᠣᠷᠣᠨ ᠤ ᠠᠷᠠᠳ ᠢᠷᠭᠡᠳ | ᠲᠤ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠥᠷᠭᠡᠨ ᠢᠶᠠᠷ ᠤᠬᠠᠭᠤᠯᠪᠠ᠂ ᠡᠬᠦᠨ ᠠᠴᠠ ᠭᠠᠳᠠᠨ᠎ᠠ ᠪᠠᠰᠠ ᠠᠷᠠᠳ ᠢᠷᠭᠡᠨ ᠤ ᠪᠠᠴᠢᠮ ᠪᠠᠶᠢᠳᠠᠯ ᠢ | ᠰᠡᠷᠭᠡᠶᠢᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ᠂ ᠣᠯᠠᠨ ᠲᠦᠮᠡᠨ ᠢ ᠬᠥᠮᠦᠵᠢᠭᠦᠯᠵᠦ ᠰᠦᠷᠳᠡᠭᠦᠯᠦᠯ ᠤᠨ ᠳᠠᠭᠠᠷᠢᠯᠲᠠ ᠶᠢ ᠠᠷᠭᠠᠴᠠᠬᠤ ᠠᠷᠭ᠎ᠠ᠂ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠢ ᠵᠢᠭᠠᠵᠤ ᠦᠭᠭᠦᠭᠰᠡᠨ ᠪᠠᠶᠢᠨ᠎ᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭᠠᠨ ᠳᠤ ᠨᠡᠶᠢᠲᠡ 70 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ | ᠯᠠᠪᠯᠠᠭ᠎ᠠ ᠶᠢ 15 ᠬᠥᠮᠦᠨ ᠤᠳᠠᠭ᠎ᠠ ᠭᠥᠯᠢᠶᠡᠨ ᠠᠪᠴᠠᠶ᠃ ᠤᠬᠠᠭᠤᠯᠭ᠎ᠠ ᠪᠠᠷ ᠳᠠᠮᠵᠢᠭᠤᠯᠤᠨ᠂ ᠠᠷᠠᠳ ᠢᠷᠭᠡᠨ ᠤ ᠰᠦᠷᠳᠡᠭᠦᠯᠦᠯ ᠢ ᠡᠰᠡᠷᠭᠦᠴᠡᠬᠦ ᠴᠢᠳᠠᠪᠤᠷᠢ ᠶᠢ | ᠪᠦᠲᠦᠮᠵᠢᠲᠡᠢ ᠳᠡᠭᠡᠭᠰᠢᠯᠡᠬᠦᠯᠵᠦ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠳᠤ | ᠴᠢᠬᠤᠯᠠ ᠦᠢᠯᠡᠳᠦᠯ ᠦᠵᠡᠭᠦᠯᠪᠡ᠃ |