ᠡᠨᠡ ᠨᠥᠬᠦᠪᠥᠷᠢ ᠨᠡᠮᠡᠭᠳᠡᠪᠡ︕
ᠨᠡᠶᠢᠲᠡᠯᠡᠭᠰᠡᠨ ᠴᠠᠭ᠄
2022/6/1
      ᠡᠨᠡ  ᠵᠢᠯ᠂  ᠥᠪᠡᠷᠲᠡᠭᠡᠨ  ᠵᠠᠰᠠᠬᠤ  ᠣᠷᠣᠨ ᠤ  ᠬᠥᠮᠦᠨ ᠤ  ᠬᠦᠴᠦᠨ ᠤ  ᠡᠬᠢ  ᠪᠠᠶᠠᠯᠢᠭ  ᠪᠠ  ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀  ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ  ᠲᠦᠯᠦᠪᠯᠡᠭᠡᠳᠤ ᠠᠵᠢᠯᠲᠠᠨ ‍ᠤ‌ᠠᠮᠢᠳᠤᠷᠠᠯ ᠤᠨ ᠨᠥᠬᠦᠪᠥᠷᠢ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾   ᠭᠡᠵᠦ‌‍ᠲ᠋ᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠭᠤᠷᠪᠠ ᠶᠢ ᠳᠡᠮᠵᠢᠵᠦ ᠨᠢᠭᠡ ᠶᠢ  ᠲᠡᠳᠬᠦᠬᠦ︾  ᠪᠠ  ᠨᠡᠶᠢᠭᠡᠮ  ᠲᠣᠭᠤᠷᠢᠭ ᠤᠨ ᠠᠷᠠᠳ ᠤᠨ ᠠᠮᠢᠳᠤᠷᠠᠯ ‍ᠤᠨ‌ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠯᠦᠪᠯᠡᠭᠡᠳᠤ ᠠᠵᠢᠯᠲᠠᠨ ᠤ  ᠬᠠᠮᠢᠶ᠎ᠠ ᠪᠥᠬᠦᠶ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠠ᠃              ︽ᠮᠡᠳᠡᠭᠳᠡᠯ︾ ᠳᠤ ᠢᠯᠡᠷᠬᠡᠶᠢᠯᠡᠭᠰᠡᠨ ᠨᠢ᠂ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ  ᠡᠬᠢᠯᠡᠨ᠂ᠥᠪᠡᠷᠲᠡᠭᠡᠨ ᠵᠠᠰᠠᠬᠤ ᠣᠷᠣᠨ ᠤ 2020 ᠣᠨ᠂ 2021 ᠣᠨ ᠳᠤ ᠡᠯᠰᠡᠭᠰᠡᠨ ᠪᠥᠭᠡᠳ 2022  ᠣᠨ ᠤ  3  ᠳ᠋ᠤᠭᠠᠷ‌‍ᠰᠠᠷ᠎ᠠ ᠶᠢᠨ18 ᠤ ᠡᠳᠦᠷ ᠪᠣᠯᠲᠠᠯ᠎ᠠ ᠮᠥᠨ ᠬᠦ ᠠᠵᠢᠯ ᠤᠨ ᠪᠠᠶᠢᠷᠢ ᠳᠠᠭᠠᠨ ᠪᠠᠶᠢᠭ᠎ᠠ᠂ 2022 ᠣᠨ ᠵᠢᠴᠢ  ᠲᠡᠭᠦᠨ ᠠᠴᠠ ᠬᠤᠶᠢᠰᠢ ᠰᠢᠨ᠎ᠡ ᠪᠠᠷ ᠡᠯᠰᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ  ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠮᠦᠰ ᠤᠨ ᠠᠮᠢᠳᠤᠷᠠᠯ ᠤᠨ ᠨᠥᠬᠦᠪᠥᠷᠢ ᠶᠢ ᠳᠡᠭᠡᠭᠰᠢᠯᠡᠭᠦᠯᠵᠦ᠂  ᠬᠥᠮᠦᠨ ᠨᠢᠭᠡᠪᠦᠷᠢ ᠳᠤ ᠰᠠᠷ᠎ᠠ ᠪᠦᠷᠢ 2950 ᠲᠥᠭᠦᠷᠢᠭ ᠪᠠᠶᠢᠭᠰᠠᠨ ᠠᠴᠠ ᠳᠡᠭᠡᠭᠰᠢᠯᠡᠭᠦᠯᠦᠭᠡᠳ ᠬᠥᠮᠦᠨ  ᠨᠢᠭᠡᠪᠦᠷᠢ ᠳᠤ  ᠰᠠᠷ᠎ᠠ  ᠪᠦᠷᠢ3450 ᠲᠥᠭᠦᠷᠢᠭ ᠪᠣᠯᠭᠠᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠠᠯᠠ ᠮᠥᠩᠭᠦ ᠶᠢ ᠣᠲᠣ ᠶᠢᠨ  ᠬᠡᠷᠡᠭᠵᠢᠭᠦᠯᠵᠦ ᠪᠠᠶᠢᠭ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶  ᠭᠤᠷᠪᠠᠨ  ᠱᠠᠲᠤᠨ ᠤ ᠡᠳ᠋ ᠤᠨ ᠵᠠᠰᠠᠭ 1᠄ 1᠄ 1 ᠶᠢᠨ ᠬᠠᠷᠢᠴᠠᠯ ᠢᠶᠠᠷ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠬᠢᠭᠡᠳ ᠮᠠᠨᠵᠤᠤᠷ ᠬᠤᠲᠠ᠂ ᠡᠷᠢᠶᠡᠨ ᠬᠤᠲᠠ 1᠄ 1 ᠶᠢᠨ ᠬᠠᠷᠢᠴᠠᠯ ᠢᠶᠠᠷ ᠡᠭᠦᠷᠭᠡᠯᠡᠨ᠎ᠡ᠃   
ᠢᠷᠡᠯᠲᠡ᠄ ᠠᠷᠠᠳ ᠤᠨ ᠰᠦᠯᠵᠢᠶ᠎ᠡ