ᠣᠶᠢᠷ᠎ᠠ ᠳᠤ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ 6ᠲᠠᠯ᠎ᠠ ᠶᠢᠨ 33 ᠵᠥᠢᠯ ᠤᠨ ᠠᠷᠭ᠎ᠠ | ᠬᠡᠮᠵᠢᠶ᠎ᠡ ᠶᠢ ᠪᠠᠭᠲᠠᠭᠠᠭᠰᠠᠨ ᠠᠵᠤ ᠠᠬᠤᠶ ᠶᠢ ᠲᠣᠭᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ | ᠠᠬᠤᠶ ᠶᠢᠨ ᠬᠡᠪ ᠤᠨ ᠵᠠᠮ ᠳᠤ ᠣᠷᠣᠬᠤ ᠶᠢ ᠴᠢᠷᠮᠠᠶᠢᠨ ᠠᠬᠢᠭᠤᠯᠵᠤ᠂ ᠠᠵᠢᠯᠯᠠᠭᠠᠨ ᠤ ᠵᠦᠶ ᠵᠣᠬᠢᠰᠲᠠᠶ ᠣᠷᠣᠨ ᠪᠠᠶᠢᠷᠢ ᠳᠤ ᠶᠠᠪᠤᠭᠳᠠᠬᠤ ᠶᠢ ᠦᠨᠡᠨᠬᠦ ᠪᠠᠲᠤᠯᠠᠬᠤ | ᠬᠡᠷᠡᠭᠲᠡᠢ ᠭᠡᠪᠡ᠃ | ᠣᠳᠣᠬᠠᠨ ᠳᠤ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠮᠠᠰᠢ ᠣᠯᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠮᠠᠰᠢ ᠬᠦᠴᠢᠷᠲᠡᠶ | ᠪᠠᠶᠢᠨ᠎ᠠ᠃ ᠡᠭᠦᠨ ᠳᠤ ᠴᠢᠭᠯᠡᠭᠦᠯᠦᠨ᠂ ᠬᠤᠷᠠᠯ ᠠᠴᠠ ᠵᠢᠭᠠᠵᠦ ᠭᠠᠷᠭᠠᠭᠰᠠᠨ ᠨᠢ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ | ᠰᠠᠭᠤᠷᠢ ᠪᠠ ᠵᠠᠩᠭᠢᠯᠠᠭ᠎ᠠ ᠪᠣᠯᠤᠨ᠎ᠠ᠃ ︽ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠡᠭᠦᠨ ᠠᠴᠠ ᠡᠮᠦᠨ᠎ᠡ | ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠨᠢᠭᠡᠨᠲᠡ ᠣᠯᠠᠨ ᠵᠥᠢᠯ ᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ | ᠶᠤᠮ᠃ ᠲᠣᠰ ᠤᠳᠠᠭ᠎ᠠ ᠶᠢᠨ ᠬᠤᠷᠠᠯ ᠠᠴᠠ ᠠᠯᠢ ᠣᠯᠠᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠠᠶᠢᠷᠢᠯᠠᠭᠤᠯᠵᠤ᠂ ᠲᠥᠷᠥ ᠶᠢᠨ ᠪᠣᠳᠣᠯᠭ᠎ᠠ ᠶᠢᠨ | ᠬᠦᠴᠦᠨ ᠪᠠ ᠡᠷᠴᠢᠮ ᠢ ᠢᠯᠡᠷᠡᠭᠦᠯᠵᠦ᠂ ᠠᠵᠤ ᠠᠬᠤᠶ ᠶᠢᠨ ᠶᠡᠭᠡ ᠲᠠᠯ᠎ᠠ ᠶᠢ ᠲᠤᠭᠲᠠᠪᠤᠷᠢᠵᠢᠭᠤᠯᠬᠤ ᠪᠠᠷ ᠬᠦᠴᠦᠯᠡᠪᠡ︾ ᠭᠡᠵᠡᠶ᠃ | ᠬᠤᠷᠠᠯ ᠠᠴᠠ 6 ᠲᠠᠯ᠎ᠠ ᠶᠢᠨ 33 ᠵᠥᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠲᠣᠭᠲᠠᠪᠠ᠂ ᠡᠭᠦᠨ ᠳᠤ ᠭᠤᠤᠯᠳᠠᠭᠤ᠄ | ᠨᠢᠭᠡ ᠳᠤ ᠡᠳ᠋ ᠤᠨ ᠵᠠᠰᠠᠭ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠦᠴᠦᠯᠡᠨ | ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠬᠦᠴᠦᠯᠡᠨ ᠲᠤᠭᠲᠠᠪᠤᠷᠢᠵᠢᠭᠤᠯᠤᠨ᠎ᠠ᠃ | ᠬᠤᠶᠠᠷ ᠲᠤ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠃ | ᠭᠤᠷᠪᠠ ᠳᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠤᠨ᠎ᠠ᠃ | ᠲᠦᠷᠪᠡ ᠳᠤ ᠬᠡᠷᠡᠭᠯᠡᠭᠡ ᠶᠢ ᠠᠬᠢᠭᠤᠯᠬᠤ ᠪᠠ ᠪᠦᠲᠦᠮᠵᠢᠲᠡᠢ ᠪᠡᠯᠡ ᠣᠷᠣᠭᠤᠯᠤᠯᠲᠠ ᠬᠢᠨ᠎ᠡ᠃ | ᠲᠠᠪᠤ ᠳᠤ ᠡᠨᠧᠷᠭᠢ ᠶᠢᠨ ᠠᠮᠤᠷ ᠲᠦᠪᠰᠢᠨᠢ ᠪᠠᠲᠤᠯᠠᠨ᠎ᠠ᠃ | ᠵᠢᠷᠭᠤᠭ᠎ᠠ ᠳᠤ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ | |