ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠮᠡᠳᠡᠭᠳᠡᠯ | ᠳᠠᠷᠤᠮᠠᠯᠯᠠᠨ ᠲᠠᠷᠬᠠᠭᠠᠵᠤ᠂ 2022 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢ | ᠬᠡᠷᠡᠭᠵᠢᠭᠦᠯᠬᠦ ᠠᠵᠢᠯ ᠢ ᠠᠬᠢᠭᠤᠯᠬᠤ ᠲᠤᠬᠠᠶ ᠪᠠᠶᠢᠷᠢᠯᠠᠭᠤᠯᠪᠠ᠃ᠮᠡᠳᠡᠭᠳᠡᠯ ᠳᠤ᠂ ᠡᠨᠡ ᠵᠢᠯ 3.4 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂ ᠶᠠᠳᠠᠭᠤ ᠠᠴᠠ ᠠᠩᠭᠢᠵᠢᠷᠠᠭᠤᠯᠬᠤ ᠰᠢᠶᠠᠨ᠂ ᠤᠨᠳᠤᠤ | ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠣᠮᠣ ᠬᠡᠯᠪᠡᠷᠢ ᠶᠢᠨ ᠪᠠ ᠣᠨᠴᠠ ᠲᠣᠮᠣ ᠬᠡᠯᠪᠡᠷᠢ ᠶᠢᠨ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ ᠪᠠᠶᠢᠭ᠎ᠠ | ᠰᠢᠶᠠᠨ ᠳᠠᠰᠢ ᠡᠯᠰᠡᠬᠦ ᠪᠠᠷ ᠲᠥᠯᠥᠪᠯᠡᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ | ᠰᠢᠶᠠᠨ ᠳ᠋᠊ ᠲᠤᠰᠠᠭᠠᠷ ᠲᠥᠯᠥᠪᠯᠡᠭᠡ ᠶᠢ ᠬᠡᠷᠡᠭᠵᠢᠭᠦᠯᠦᠨ᠎ᠡ᠃ | ᠮᠡᠳᠡᠭᠳᠡᠯ ᠳᠤ᠂ ᠰᠢᠯᠢᠨ ᠰᠣᠩᠭᠤᠵᠤ ᠡᠯᠰᠡᠬᠦ ᠪᠦᠲᠦᠴᠡ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠦᠨᠳᠦᠰᠦᠨ ᠱᠠᠲᠤᠨ ᠤ ᠠᠵᠢᠯ ᠦᠢᠯᠡᠰ ᠤᠨ | ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ ᠳᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢ ᠭᠦᠨᠵᠡᠭᠡᠢ ᠠᠭᠤᠳᠠᠯᠬᠤ ᠬᠡᠷᠡᠭᠲᠡᠢ᠃ ᠬᠥᠮᠦᠵᠢᠭᠦᠯᠦᠨ | ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠵᠤ ᠂ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠲᠥᠪ ᠤᠨ ᠡᠳ᠋ ᠤᠨ | ᠵᠠᠰᠠᠭ ᠠᠴᠠ8000 ᠬᠥᠮᠦᠨ ᠤᠳᠠᠭ᠎ᠠ ᠶᠢᠨ ᠲᠤᠰᠬᠠᠢ ᠪᠣᠯᠪᠠᠰᠤᠷᠠᠯ ᠥᠷᠨᠢᠭᠦᠯᠬᠦ ᠶᠢ ᠳᠡᠮᠵᠢᠪᠡ᠃ ᠦᠢᠯᠡᠴᠢᠯᠡᠭᠡ ᠪᠠᠳᠤᠯᠠᠭ᠎ᠠ ᠵᠢᠨᠲ᠋ᠦ᠋ᠪᠰᠢᠨ ᠢ ᠳᠡᠭᠡᠭᠰᠢᠯᠡᠭᠦᠯᠵᠦ᠂ | ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ ᠠᠵᠢᠯ ᠠᠮᠢᠳᠤᠷᠠᠯ ᠤᠨ ᠨᠥᠬᠦᠪᠥᠷᠢ ᠶᠢ ᠰᠠᠷ᠎ᠠ ᠪᠦᠷᠢ ᠲᠤᠭ᠎ᠠ ᠶᠣᠰᠣᠭᠠᠷ ᠣᠯᠭᠤᠨ᠎ᠠ᠃ | ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡ ᠶᠢ ᠰᠠᠶᠢᠲᠤᠷ ᠬᠢᠵᠦ᠂ ᠡᠩ ᠤᠨ ᠦᠶ᠎ᠡ᠂ ᠣᠨ ᠤ ᠪᠠ ᠬᠤᠭᠤᠴᠠᠭ᠎ᠠ ᠳᠦᠭᠦᠷᠦᠭᠰᠡᠨ ᠢ ᠰᠢᠯᠭᠠᠨ ᠬᠢᠨᠠᠬᠤ | ᠠᠵᠢᠯ ᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ ᠲᠣᠬᠤᠨᠢᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠦᠢᠯᠡᠴᠢᠯᠡᠬᠦ | ᠬᠤᠭᠤᠴᠠᠭ᠎ᠠ ᠨᠢ ᠳᠦᠭᠦᠷᠴᠦ ᠰᠢᠯᠵᠢᠬᠦ ᠶᠢ ᠠᠬᠢᠭᠤᠯᠤᠨ᠂ ᠦᠨᠳᠦᠰᠦᠨ ᠱᠠᠲᠤᠨ ᠤ ᠬᠥᠮᠦᠨ ᠦᠯᠡᠳᠡᠭᠡᠬᠦ᠂ ᠬᠥᠮᠦᠨ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ | ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠬᠥᠮᠦᠰ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ | ᠵᠣᠷᠢᠭᠵᠢᠭᠤᠯᠤᠨ᠎ᠠ᠃ | ᠳᠥᠷᠪᠡᠳᠦᠭᠡᠷ ᠡᠭᠡᠯᠵᠢ ᠶᠢᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢ 2021 ᠣᠨ ᠳᠤ ᠡᠬᠢᠯᠡᠨ ᠬᠡᠷᠡᠭᠵᠢᠭᠦᠯᠵᠦ᠂ ᠲᠤᠬᠠᠶ ᠶᠢᠨ | ᠵᠢᠯ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ 3.8 ᠲᠦᠮᠡᠨ ᠠᠵᠢᠯᠲᠠᠨ ᠢ ᠦᠨᠳᠦᠰᠦᠨ ᠱᠠᠲᠤᠨ ᠳᠤ ᠰᠣᠩᠭᠤᠨ ᠲᠣᠮᠢᠯᠠᠵᠤ ᠦᠢᠯᠡᠴᠢᠯᠡᠬᠦᠯᠵᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨᠦᠨᠳᠦᠰᠦᠨ ᠱᠠᠲᠤᠨ ᠳᠤ ᠣᠴᠢᠵᠤ ᠠᠵᠢᠯᠯᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠬᠤ᠂ | ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠵᠡᠷᠭᠡ ᠳᠤ ᠢᠳᠡᠪᠬᠢᠲᠡᠶ ᠦᠢᠯᠡᠲᠦᠯ ᠦᠵᠡᠭᠦᠯᠪᠡ᠃ | |