ᠦᠨ᠎ᠡ  ᠬᠠᠩᠰᠢ ᠪᠠᠭᠤᠷᠠᠵᠠᠶ︕ ᠵᠠᠷᠢᠮ ᠨᠢ ᠰᠢᠭᠤᠳ 20 % ᠪᠠᠭᠤᠷᠠᠨ᠎ᠠ
ᠨᠡᠶᠢᠲᠡᠯᠡᠭᠰᠡᠨ ᠴᠠᠭ᠄
2022/6/10
       ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠬᠠᠮᠤᠭ ᠤᠨ ᠰᠢᠨ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ  ᠤᠯᠤᠰ ᠤᠨ  ᠵᠢᠮᠢᠰ ᠤᠨ  ᠳᠤᠮᠳᠠᠴᠢ  ᠦᠨ᠎ᠡ  ᠬᠠᠩᠰᠢ  ᠣᠶᠢᠷ᠎ᠠ ᠶᠢᠨ  ᠬᠤᠶᠠᠷ  ᠭᠠᠷᠠᠭ ᠲᠤ᠋‌ᠵᠠᠯᠭᠠᠭ᠎ᠠ ᠪᠠᠷ ᠪᠠᠭᠤᠷᠠᠵᠤ᠂ ᠲᠠᠷᠪᠤᠰ᠂ ᠠᠮᠲᠠᠲᠤ ᠬᠡᠮᠬᠡ ᠵᠡᠷᠭᠡ ᠵᠣᠨ ᠤ ᠤᠯᠠᠷᠢᠯ ᠤᠨ ᠵᠢᠮᠢᠰ ᠢᠯᠡᠳᠲᠡ ᠪᠠᠭᠤᠷᠠᠪᠠ᠃              ᠲᠠᠷᠪᠤᠰ᠂ ᠾᠧᠪᠧᠶ᠂ ᠱᠠᠨᠳᠦ᠋ᠩ ᠤᠨ ᠠᠮᠲᠠᠲᠤ ᠬᠡᠮᠬᠡ ᠶᠢᠨ ᠵᠠᠬ᠎ᠠ ᠳᠡᠯᠭᠡᠭᠦᠷ ᠲᠤ ᠭᠠᠷᠤᠭᠰᠠᠨ ᠬᠡᠮᠵᠢᠶ᠎ᠡ ᠨᠢ  ᠳᠡᠭᠡᠷ᠎ᠡ ᠰᠠᠷ᠎ᠠ ᠶᠢᠨ ᠬᠢ ᠠᠴᠠ ᠪᠠᠰᠠ16 % ᠨᠡᠮᠡᠭᠳᠡᠵᠦ᠂ ᠣᠳᠣᠬᠠᠨ ᠳᠤ ᠦᠨ᠎ᠡ ᠬᠠᠩᠰᠢ ᠨᠢ ᠵᠢᠩ ᠪᠦᠷᠢ ᠳᠡᠭᠡᠨ 4  ᠲᠥᠭᠦᠷᠢᠭ ᠣᠷᠴᠢᠮ ᠪᠤᠯᠵᠤ᠂ ᠳᠡᠭᠡᠷ᠎ᠡ ᠰᠠᠷ᠎ᠠ ᠶᠢᠨ ᠬᠢ ᠠᠴᠠ 20% ᠣᠷᠴᠢᠮ ᠪᠠᠭᠤᠷᠠᠵᠠᠶ᠃         ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠵᠣᠨ ᠤ ᠤᠯᠠᠷᠢᠯ ᠤᠷᠤᠭᠰᠠᠨ ᠤ ᠳᠠᠷᠠᠭ᠎ᠠ᠂ ᠢᠩᠲᠣᠣᠷ᠂ ᠪᠡᠷᠴᠢᠭᠢᠷ ᠯᠣᠣ ᠶᠢᠨ ᠨᠢᠳᠦ᠂  ᠲᠣᠭᠤᠷ  ᠵᠡᠷᠭᠡ ᠵᠢᠮᠢᠰ ᠴᠦ ᠵᠠᠬ᠎ᠠ ᠳᠡᠯᠭᠡᠭᠦᠷ ᠲᠤ ᠭᠠᠷᠬᠤ ᠣᠷᠭᠢᠯ ᠳᠠᠭᠠᠨ ᠬᠦᠷᠴᠦ᠂  ᠪᠡᠭᠡᠵᠢᠩ ᠤᠨ  ᠰᠢᠨ  ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠡᠳᠦᠷ ᠪᠦᠷᠢ ᠶᠢᠨ ᠵᠢᠮᠢᠰ ᠤᠨ  ᠵᠠᠬ᠎ᠠ  ᠳᠡᠯᠭᠡᠭᠦᠷ ᠲᠤ ᠭᠠᠷᠤᠭᠰᠠᠨ ᠬᠡᠮᠵᠢᠶ᠎ᠡ 1.15 ᠲᠦᠮᠡᠨ ᠲᠣᠨ ᠣᠷᠴᠢᠮ ᠳᠤ ᠬᠦᠷᠴᠡᠶ᠃               ᠬᠥᠳᠡᠭᠡ ᠠᠵᠤ  ᠠᠬᠤᠶ  ᠬᠥᠳᠡᠭᠡ  ᠲᠣᠰᠬᠤᠨ ᠤ  ᠶᠠᠮᠤᠨ ᠤ  ᠲᠤᠭ᠎ᠠ  ᠪᠠᠷᠢᠮᠲᠠ ᠳᠤ  ᠢᠯᠡᠷᠡᠭᠦᠯᠦᠭᠰᠡᠨ ᠢᠶᠠᠷ᠂  6ᠰᠠᠷ᠎ᠠ ᠶᠢᠨ ᠨᠢᠭᠡᠳᠦᠭᠡᠷ ᠭᠠᠷᠠᠭ ᠲᠤ᠂ ᠭᠤᠤᠯᠳᠠᠯᠭ᠎ᠠ ᠲᠠᠢ ᠬᠢᠨᠠᠨ ᠬᠡᠮᠵᠢᠭᠰᠡᠨ 6 ᠵᠦᠢᠯ ᠤᠨ ᠵᠢᠮᠢᠰ ᠤᠨ ᠳᠤᠮᠳᠠᠴᠢ  ᠦᠨ᠎ᠡ ᠬᠠᠩᠰᠢ ᠨᠢ ᠺᠢᠯᠣᠭ᠍ᠷᠠᠮ ᠪᠦᠷᠢ ᠳᠡᠭᠡᠨ 7.31 ᠲᠥᠭᠦᠷᠢᠭ ᠪᠠᠶᠢᠵᠤ᠂ ᠭᠠᠷᠬᠠᠨ ᠬᠠᠷᠢᠴᠠᠯ ᠢᠶᠠᠷ 1.1 % ᠪᠠᠷ ᠪᠠᠭᠤᠷᠠᠵᠤ᠂ ᠨᠢᠭᠡᠨᠲᠡ 2 ᠭᠠᠷᠠᠭ ᠳᠠᠷᠠᠭᠠᠯᠠᠨ ᠪᠠᠭ᠎ᠠ ᠬᠡᠮᠵᠢᠶ᠎ᠡ ᠪᠠᠷ ᠪᠠᠭᠤᠷᠠᠪᠠ᠃               ᠰᠤᠷᠪᠤᠯᠵᠢᠯᠠᠭᠴᠢ ᠵᠢᠨ‌ᠣᠶᠢᠯᠠᠭᠠᠭᠰᠠᠨ ᠢᠶᠠᠷ᠂ ᠮᠠᠨ ᠤ ᠤᠯᠤᠰ ᠪᠣᠯ ᠵᠢᠮᠢᠰ ᠤᠨ ᠦᠢᠯᠡᠳᠪᠦᠷᠢᠯᠡᠯ ᠪᠠ  ᠬᠡᠷᠡᠭᠯᠡᠭᠡᠨ ᠤ ᠲᠣᠮᠣ ᠤᠯᠤᠰ ᠮᠥᠨ᠂ ᠣᠶᠢᠷ᠎ᠠ ᠶᠢᠨ ᠵᠢᠯ ᠤᠳ ᠲᠤ ᠵᠢᠮᠢᠰ ᠤᠨ ᠦᠶ᠋ᠯᠡᠳᠪᠦᠷᠢᠯᠡᠬᠦ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠵᠢᠱᠢᠯᠲᠡ ᠪᠠᠷ 2022 ᠣᠨ ᠳᠤ ᠪᠥᠬᠦ ᠤᠯᠤᠰ ᠤᠨ ᠵᠢᠮᠢᠰ ᠤᠨ ᠭᠠᠷᠤᠯᠲᠠ 2.99 ᠳ᠋ᠦᠩᠰᠢᠭᠤᠷ ᠲᠣᠨ ᠳᠤ  ᠬᠦᠷᠴᠦ᠂ ᠲᠦᠷᠦᠭᠦᠦ ᠵᠢᠯ ᠤᠨ ᠬᠢ ᠠᠴᠠ 2 % ᠢᠶᠠᠷ ᠨᠡᠮᠡᠭᠳᠡᠬᠦ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ