ᠡᠯ᠎ᠡ ᠭᠠᠵᠠᠷ ᠤᠨ ᠬᠢᠨ ᠮᠠᠰᠢᠨ ᠲᠡᠷᠭᠡᠨ ᠤ ᠬᠡᠷᠡᠭᠯᠡᠭᠡ ᠳᠤ ᠰᠡᠳᠡᠯᠲᠡ ᠥᠭᠬᠦ ᠲᠥᠷᠥ ᠶᠢᠨ ᠪᠣᠳᠣᠯᠭ᠎ᠠ  ᠭᠠᠷᠭᠠᠵᠠᠢ
ᠨᠡᠶᠢᠲᠡᠯᠡᠭᠰᠡᠨ ᠴᠠᠭ᠄
2022/6/10
     ︽ᠬᠡᠰᠡᠭ ᠰᠠᠭᠤᠳᠠᠯ ᠤᠨ ᠮᠠᠰᠢᠨ ᠬᠤᠳᠠᠯᠳᠤᠨ ᠠᠪᠬᠤ ᠭᠠᠶᠢᠯᠢ ᠶᠢ ᠱᠠᠳᠤᠴᠢ ᠴᠢᠨᠠᠷᠲᠠᠶ  600  ᠳ᠋ᠦᠩᠰᠢᠭᠤᠷ‌‍ᠲ᠋ᠥ᠋ᠭᠦᠷᠢᠭ ᠬᠥᠩᠭᠡᠯᠡᠨ ᠲᠠᠲᠠᠪᠤᠷᠢᠯᠠᠬᠤ︾ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠬᠦ ᠶᠢ ᠳᠠᠭᠠᠯᠳᠤᠨ᠂ ᠡᠯ᠎ᠡ ᠭᠠᠵᠠᠷ ᠤᠨ ᠮᠠᠰᠢᠨ ᠲᠡᠷᠭᠡᠨ ᠤ ᠬᠡᠷᠡᠭᠯᠡᠭᠡ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠴᠤ ᠵᠠᠯᠭᠠᠭ᠎ᠠ ᠪᠠᠷ ᠪᠤᠢ ᠪᠣᠯᠪᠠ᠃              ᠰᠢᠨ᠎ᠡ ᠲᠡᠷᠭᠡ ᠬᠤᠳᠠᠯᠳᠤᠨ ᠠᠪᠬᠤ ᠣᠷᠣᠨ ᠲᠤᠭ᠎ᠠ ᠶᠢ ᠬᠢᠵᠠᠭᠠᠷᠯᠠᠭᠰᠠᠨ ᠬᠤᠲᠠ ᠨᠢᠭᠡᠨᠲᠡ ᠵᠢᠷᠭᠤᠭᠠᠨ  ᠬᠤᠪᠢ ᠶᠢ ᠳᠠᠪᠠᠵᠠᠶ᠃ ᠵᠥᠩ ᠰᠢᠨ ᠺᠣᠮᠫᠠᠨᠢ ᠶᠢᠨ ᠡᠳ᠋ ᠤᠨ ᠵᠠᠰᠠᠭ ᠠᠵᠤ ᠠᠬᠤᠶ ᠶᠢᠨ ᠡᠮᠬᠢᠯᠡᠨ ᠳᠢᠭᠯᠡᠭᠰᠡᠨ ᠢᠶᠠᠷ᠂ ᠪᠥᠬᠦ  ᠤᠯᠤᠰ ᠤᠨ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ ᠣᠷᠳᠣ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ  ᠬᠡᠷᠡᠭᠵᠢᠭᠦᠯᠦᠭᠰᠡᠨ ᠨᠠᠢᠮᠠᠨ ᠬᠤᠲᠠ ᠶᠢᠨ ᠳᠣᠲᠣᠷ᠎ᠠ᠂ ᠱᠠᠩᠬᠠᠶ᠂ ᠭᠤᠸᠠᠩᠵᠧᠦ᠂ ᠱᠧᠨᠵᠧᠨ ᠢ ᠪᠠᠭᠲᠠᠭᠠᠭᠰᠠᠨ ᠲᠠᠪᠤᠨ  ᠬᠤᠲᠠ ᠶᠢᠨ  ᠮᠠᠰᠢᠨ  ᠲᠡᠷᠭᠡ ᠬᠤᠳᠠᠯᠳᠤᠨ ᠠᠪᠬᠤ ᠤᠷᠤᠨ ᠲᠤᠭ᠎ᠠ ᠨᠢᠭᠡᠨᠲᠡ ᠨᠡᠮᠡᠭᠳᠡᠵᠦ᠂ ᠶᠡᠷᠦᠩᠬᠡᠶ ᠨᠡᠮᠡᠭᠳᠡᠭᠰᠡᠨ ᠤᠷᠤᠨ ᠲᠤᠭ᠎ᠠ ᠨᠢ 16.5 ᠲᠦᠮᠡ ᠳᠤ ᠬᠦᠷᠴᠠᠢ᠃             ᠣᠷᠣᠨ ᠨᠤᠲᠤᠭ ᠤᠨ ᠬᠢᠨ ᠲᠡᠷᠭᠡ ᠬᠤᠳᠠᠯᠳᠤᠨ‌ᠠᠪᠬᠤ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠮᠵᠢᠬᠦ ᠡᠷᠴᠢᠮ ᠢ ᠴᠢᠩᠭᠠᠷᠠᠭᠤᠯᠪᠠ᠃  ᠪᠡᠭᠡᠵᠢᠩ᠂ ᠱᠠᠩᠬᠠᠶ᠂ ᠭᠤᠸᠠᠩᠳᠦ᠋ᠩ ᠵᠡᠷᠭᠡ ᠣᠯᠠᠨ ᠭᠠᠵᠠᠷ ᠤᠨ ᠬᠢᠨ ᠲᠡᠷᠭᠡ ᠬᠤᠳᠠᠯᠳᠤᠨ ᠠᠪᠬᠤ ᠤᠷᠤᠨ ᠲᠤᠭ᠎ᠠ ᠶᠢ ᠰᠢᠨ᠎ᠡ ᠪᠠᠷ ᠨᠡᠮᠡᠭᠳᠡᠭᠦᠯᠦᠭᠰᠡᠨ ᠠᠴᠠ ᠭᠠᠳᠠᠨ᠎ᠠ᠂ ᠮᠠᠰᠢᠨ ᠲᠡᠷᠭᠡᠨ ᠤ ᠬᠡᠷᠡᠭᠯᠡᠭᠡ ᠳᠤ ᠰᠡᠳᠡᠯᠲᠡ ᠥᠭᠬᠦ ᠵᠤᠬᠢᠴᠠᠩᠭᠤᠢ ᠲᠥᠷᠥ ᠵᠢᠨ‌‍ᠪᠣᠳᠣᠯᠭ᠎ᠠ ᠶᠢ ᠨᠡᠶᠢᠲᠡᠯᠡᠵᠦ᠂ ᠬᠡᠷᠡᠭᠯᠡᠭᠴᠢᠳ ᠰᠢᠨ᠎ᠡ ᠲᠡᠷᠭᠡ ᠬᠤᠳᠠᠯᠳᠤᠨ ᠠᠪᠬᠤ  ᠪᠤᠶᠤ ᠰᠣᠯᠢᠬᠤ ᠦᠶ᠎ᠡ ᠳᠤ ᠨᠥᠬᠦᠪᠥᠷᠢ ᠭᠥᠷᠳᠡᠵᠦ᠂ ᠬᠠᠮᠤᠭ ᠶᠡᠭᠡ ᠳᠡᠭᠡᠨ 2 ᠲᠦᠮᠡᠨ ᠲᠥᠭᠦᠷᠢᠭ ᠲᠤ ᠬᠦᠷᠴᠦ ᠪᠣᠯᠤᠨ᠎ᠠ᠃  ᠭᠡᠪᠡᠴᠦ ᠡᠯ᠎ᠡ ᠭᠠᠵᠠᠷ ‍ᠤᠨ‌ᠡᠩ ᠤᠨ ᠲᠣᠰᠣ ᠰᠢᠲᠠᠭᠠᠬᠤ ᠲᠡᠷᠭᠡ ᠪᠣᠯᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠣᠯᠭᠤᠬᠤ ᠨᠥᠬᠦᠪᠥᠷᠢ ᠶᠢᠨ ᠡᠷᠴᠢᠮ ᠨᠢ ᠠᠳᠠᠯᠢ ᠦᠭᠡᠶ ᠪᠠᠶᠢᠨ᠎ᠠ ᠃              ᠮᠠᠰᠢᠨ ᠲᠡᠷᠭᠡᠨ ᠤ ᠠᠵᠤ ᠠᠬᠤᠶᠢᠯᠠᠯ ᠠᠶᠠᠨᠴᠢᠳ ᠢ ᠪᠤᠯᠢᠶᠠᠯᠳᠤᠵᠤ᠂  ᠨᠥᠬᠦᠪᠥᠷᠢ  ᠥᠭᠬᠦ  ᠲᠥᠷᠥ ᠶᠢᠨ  ᠪᠣᠳᠣᠯᠭ᠎ᠠ ︽ᠨᠢᠳᠦ  ᠭᠢᠯᠠᠰᠤᠮ᠎ᠠ ︾ ᠪᠠᠶᠢᠨ᠎ᠠ᠃ ᠲᠥᠷᠥ ᠶᠢᠨ ᠪᠣᠳᠣᠯᠭ᠎ᠠ ᠪᠠᠷ ᠮᠠᠰᠢᠨ ᠲᠡᠷᠭᠡᠨ ᠤ ᠬᠡᠷᠡᠭᠯᠡᠭᠡ ᠶᠢ ᠳᠡᠮᠵᠢᠬᠦ ᠠᠴᠠ ᠭᠠᠳᠠᠨ᠎ᠠ᠂ ᠮᠠᠰᠢᠨ ᠲᠡᠷᠭᠡᠨ ᠤ ᠠᠵᠤ ᠠᠬᠤᠶᠢᠯᠠᠯ ᠴᠤ ᠢᠳᠡᠪᠬᠢᠲᠡᠶ ᠪᠠᠷ ᠨᠥᠬᠦᠪᠥᠷᠢ ᠥᠭᠴᠦ᠂ ᠪᠣᠷᠣᠯᠠᠭᠤᠯᠭ᠎ᠠ ᠪᠠᠨ ᠠᠬᠢᠭᠤᠯᠵᠦ  ᠪᠠᠶᠢᠨ᠎ᠠ᠃  ᠨᠥᠬᠦᠪᠥᠷᠢ ᠥᠭᠬᠦ ᠬᠡᠯᠪᠡᠷᠢ ᠳᠤ ᠰᠣᠯᠢᠬᠤ᠂ ᠲᠡᠷᠭᠡ ᠬᠤᠳᠠᠯᠳᠤᠨ ᠠᠪᠬᠤ ᠦᠶ᠎ᠡ ᠳᠤ ᠦᠢᠯᠡᠳᠪᠦᠷᠢ ᠶᠢᠨ ᠬᠢᠨ ᠪᠡᠯᠡᠨ  ᠵᠤᠭᠤᠰᠤᠨ ᠤ ᠬᠢᠮᠳᠠᠷᠠᠯ ᠣᠯᠭᠤᠬᠤ ᠶᠢ ᠪᠠᠭᠲᠠᠭᠠᠭᠰᠠᠨ ᠮᠥᠩᠭᠦᠨ ᠭᠦᠢᠯᠭᠡᠭᠡᠨ ᠤ ᠪᠡᠯᠡᠭ᠂ ᠲᠤᠰᠤᠨ ᠤ  ᠵᠠᠷᠤᠲᠠᠯ   ᠤᠨ  ᠨᠥᠬᠦᠪᠥᠷᠢ᠂ ᠳᠠᠭᠠᠳᠬᠠᠯ ᠤᠨ ᠨᠥᠬᠦᠪᠥᠷᠢ ᠵᠡᠷᠭᠡ ᠶᠢ ᠬᠡᠷᠡᠭᠵᠢᠭᠦᠯᠵᠦ᠂ ᠡᠯ᠎ᠡ ᠵᠦᠢᠯ ᠤᠨ ᠨᠥᠬᠦᠪᠥᠷᠢ ᠥᠭᠬᠦ ᠬᠡᠯᠪᠡᠷᠢ ︽ᠨᠢᠳᠦ ᠭᠢᠯᠠᠰᠤᠮ᠎ᠠ︾  ᠪᠠᠶᠢᠨ᠎ᠠ᠃             ᠲᠤᠰᠬᠠᠶ ᠮᠡᠷᠭᠡᠵᠢᠯᠲᠡᠨ᠄ ᠲᠥᠷᠥ ᠶᠢᠨ ᠪᠣᠳᠣᠯᠭ᠎ᠠ  ᠶᠢᠨ ᠠᠰᠢᠭ ᠬᠦᠷᠲᠡᠭᠡᠬᠦ ᠮᠠᠰᠢᠨ ᠲᠡᠷᠭᠡ 1000  ᠲᠦᠮᠡ ᠶᠢ ᠳᠠᠪᠠᠪᠠ᠃ ᠳᠤᠮᠳᠠᠳᠤ ᠤᠯᠤᠰ ᠤᠨ ᠮᠠᠰᠢᠨ ᠲᠡᠷᠭᠡᠨ ᠤ ᠮᠡᠷᠭᠡᠵᠢᠯ ᠤᠨ ᠰᠤᠳᠤᠯᠭᠠᠨ ᠤ ᠲᠥᠪ ᠤᠨ ᠡᠳ᠋ ᠤᠨ ᠵᠠᠰᠠᠭ  ᠭᠠᠶᠢᠯᠢ ᠬᠢᠭᠡᠳ ᠮᠥᠩᠭᠦᠨ ᠭᠦᠢᠯᠭᠡᠭᠡᠨ ᠤ ᠲᠡᠷᠢᠭᠦᠴᠢ ᠲᠤᠰᠬᠠᠶ ᠮᠡᠷᠭᠡᠵᠢᠯᠲᠡᠨ ᠯᠢᠦ ᠪᠢᠨ ᠢᠯᠡᠷᠬᠡᠶᠢᠯᠡᠬᠦ ᠳᠡᠭᠡᠨ᠂ ᠰᠢᠨ᠎ᠡ ᠪᠠᠷ ᠨᠡᠮᠡᠭᠳᠡᠭᠰᠡᠨ ᠮᠠᠰᠢᠨ ᠲᠡᠷᠭᠡ ᠬᠤᠳᠠᠯᠳᠤᠨ ᠠᠪᠬᠤ ᠤᠷᠤᠨ ᠲᠤᠭ᠎ᠠ ᠵᠡᠷᠭᠡ ᠨᠢ ᠬᠡᠳᠦ᠋ᠢᠪᠡᠷ ᠣᠬᠤᠷ ᠬᠤᠭᠤᠴᠠᠭᠠᠨ ᠤ ᠠᠷᠭ᠎ᠠ ᠬᠡᠮᠵᠢᠶ᠎ᠡ  ᠪᠣᠯᠬᠤ ᠪᠣᠯᠪᠠᠴᠤ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠠᠰᠢᠭ ᠥᠬᠡᠶ ᠪᠠᠶᠢᠳᠠᠯ ᠢ ᠬᠤᠪᠢᠷᠠᠭᠤᠯᠵᠤ ᠴᠢᠳᠠᠨ᠎ᠠ᠂ ᠬᠠᠷᠢᠨ  ᠭᠠᠶᠢᠯᠢ ᠬᠦᠩᠭᠡᠷᠡᠬᠦᠯᠬᠦ ︵ᠬᠡᠰᠡᠭ ᠰᠠᠭᠤᠳᠠᠯ ᠤᠨ ᠮᠠᠰᠢᠨ ᠬᠤᠳᠠᠯᠳᠤᠨ ᠠᠪᠬᠤ ᠭᠠᠶᠢᠯᠢ ᠶᠢ ᠱᠠᠳᠤᠴᠢ ᠴᠢᠨᠠᠷᠲᠠᠶ 600  ᠳ᠋ᠦᠩᠰᠢᠭᠤᠷ ᠲᠥᠭᠦᠷᠢᠭ ᠬᠥᠩᠭᠡᠯᠡᠨ ᠲᠠᠲᠠᠪᠤᠷᠢᠯᠠᠬᠤ︶ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠰᠡᠨ ᠮᠠᠰᠢᠨ ᠲᠡᠷᠭᠡ 1000 ᠲᠦᠮᠡ ᠶᠢ ᠳᠠᠪᠠᠵᠤ᠂ ᠲᠥᠷᠥ ᠶᠢᠨ ᠪᠣᠳᠣᠯᠭ᠎ᠠ ᠶᠢᠨ ᠡᠷᠴᠢᠮ ᠨᠢ ᠨᠢᠭᠡᠨᠲᠡ ᠵᠢᠱᠢᠭᠰᠡᠨ ᠬᠡᠮᠵᠢᠶᠡᠨ ᠳᠤ ᠬᠦᠷᠴᠡᠶ ᠭᠡᠪᠡ᠃
ᠢᠷᠡᠯᠲᠡ᠄ ᠠᠷᠠᠳ ᠤᠨ ᠰᠦᠯᠵᠢᠶ᠎ᠡ