ᠳᠡᠯᠡᠬᠡᠶ ᠶᠢᠨ ᠪᠥᠮᠪᠥᠷᠴᠡᠭ ᠤᠨ ᠭᠠᠳᠠᠨ᠎ᠠ ᠠᠮᠢ ᠨᠠᠰᠤᠨ ᠤ ᠡᠬᠢ ᠰᠤᠷᠪᠤᠯᠵᠢ ᠣᠷᠣᠰᠢᠵᠤ ᠪᠠᠶᠢᠬᠤ ᠶᠢ ᠠᠩᠬ᠎ᠠ ᠤᠳᠠᠭ᠎ᠠ ᠨᠤᠲᠠᠯᠠᠪᠠ
ᠨᠡᠶᠢᠲᠡᠯᠡᠭᠰᠡᠨ ᠴᠠᠭ᠄
2022/6/10
      ᠶᠠᠫᠣᠨ ᠤ ᠵᠠᠭᠤᠴᠢᠯᠠᠭᠤᠷ ᠤᠨ ᠮᠡᠳᠡᠭᠡ᠂ ᠶᠠᠫᠣᠨ ᠤ ᠰᠤᠶᠤᠯ ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ ᠮᠡᠳᠡᠭᠡᠯᠡᠭᠰᠡᠨ ᠢᠶᠠᠷ᠂ ᠰᠢᠨᠵᠢᠯᠡᠬᠦ ᠤᠬᠠᠭᠠᠨᠲᠠᠳ ᠵᠢᠵᠢᠭ ᠭᠠᠷᠠᠭ ᠣᠳᠣᠨ ᠤ ᠬᠠᠶᠢᠭᠤᠷ ︽ᠱᠣᠩᠬᠤᠷ ᠰᠢᠪᠠᠭᠤ 2  ᠳ᠋ᠤᠭᠠᠷ︾ ᠤᠨ ᠴᠤᠭᠯᠠᠭᠤᠯᠤᠭᠰᠠᠨ ᠥᠯᠢᠭᠡᠷ ᠬᠡᠪ ᠠᠴᠠ 20 ᠭᠠᠷᠤᠶ ᠵᠥᠢᠯ ᠤᠨ ᠰᠢᠪᠲᠦᠷᠲᠦ ᠬᠦᠴᠢᠯ ᠢ ᠪᠠᠶᠢᠴᠠᠭᠠᠨ ᠣᠯᠤᠭᠰᠠᠨ ᠪᠠᠶᠢᠨ᠎ᠠ᠃ ᠡᠨᠡ ᠪᠣᠯ ᠳᠡᠯᠡᠬᠡᠶ ᠶᠢᠨ ᠪᠥᠮᠪᠥᠷᠴᠡᠭ ᠤᠨ ᠭᠠᠳᠠᠨ᠎ᠠ ᠪᠠᠰᠠ ᠰᠢᠪᠲᠦᠷᠲᠦ ᠬᠦᠴᠢᠯ ᠣᠷᠣᠰᠢᠵᠤ ᠪᠠᠶᠢᠭ᠎ᠠ ᠠᠩᠬᠠᠳᠠᠭᠴᠢ ᠭᠡᠷᠡᠴᠢ ᠮᠥᠨ᠃ ᠡᠨᠡ ᠨᠢ ᠡᠲᠡᠭᠡᠷ ᠲᠦᠢᠯ ᠤᠨ ᠴᠢᠬᠤᠯᠠ ᠣᠷᠭᠠᠨᠢᠭ ᠮᠣᠯᠧᠺᠦ᠋ᠯ ᠳᠡᠯᠡᠬᠡᠶ ᠶᠢᠨ ᠪᠥᠮᠪᠥᠷᠴᠡᠭ ᠲᠤ ᠬᠡᠷᠬᠢᠨ  ᠬᠥᠷᠬᠦ ᠵᠢ‌ᠣᠶᠢᠯᠠᠭᠠᠬᠤ ᠳᠤ ᠴᠢᠬᠤᠯᠠ ᠮᠠᠰᠢ ᠠᠴᠢ ᠬᠤᠯᠪᠣᠭᠳᠠᠯ ᠲᠠᠢ ᠶᠤᠮ᠃              2020 ᠣᠨ ᠤ 12 ᠰᠠᠷ᠎ᠠ ᠳᠤ᠂ ᠬᠠᠶᠢᠭᠤᠷ ︽ᠱᠣᠩᠬᠤᠷ ᠰᠢᠪᠠᠭᠤ 2 ᠳ᠋ᠤᠭᠠᠷ︾ ᠤᠨ ᠠᠴᠢᠶᠠᠯᠠᠭᠰᠠᠨ 6 ᠵᠢᠯ ᠤᠨ ᠬᠤᠭᠤᠴᠠᠭ᠎ᠠ ᠲᠠᠢ ᠪᠤᠴᠠᠭᠠᠨ ᠬᠤᠷᠢᠶᠠᠬᠤ ᠥᠷᠥᠭᠡ ᠨᠢ 3 ᠳ᠋ᠦᠩᠰᠢᠭᠤᠷ ᠭᠠᠷᠤᠶ ᠺᠢᠯᠣᠮᠧᠲᠷ ᠤᠨ ᠭᠠᠳᠠᠨᠠᠬᠢ ᠵᠢᠵᠢᠭ ᠭᠠᠷᠠᠭ ︽ᠯᠤᠤᠰ ᠤᠨ ᠣᠷᠳᠣᠨ︾ ᠠᠴᠠ ᠳᠡᠯᠡᠬᠡᠶ ᠶᠢᠨ ᠪᠥᠮᠪᠥᠷᠴᠡᠭ ᠲᠤ ᠪᠤᠴᠠᠵᠤ ᠢᠷᠡᠭᠰᠡᠨ ᠪᠦᠭᠡᠳ ᠭᠠᠷᠠᠭ ᠣᠳᠣᠨ ᠤ  ᠥᠩᠭᠡᠨ‌‍ᠲ᠋ᠠᠯ᠎ᠠ ᠶᠢᠨ ᠥᠯᠢᠭᠡᠷ ᠬᠡᠪ ᠢ 5.4 ᠭᠷᠡᠮ ᠠᠪᠴᠢᠷᠠᠪᠠ᠃  ᠶᠠᠫᠣᠨ ᠤ  ᠰᠠᠨᠰᠠᠷ ᠤᠨ  ᠠᠭᠠᠷ  ᠠᠶᠠᠯᠠᠯ ᠤᠨ  ᠰᠤᠳᠤᠯᠭᠠᠨ ᠨᠡᠭᠡᠭᠡᠯᠲᠡ ᠶᠢᠨ ᠪᠠᠶᠢᠭᠤᠯᠤᠮᠵᠢ ᠵᠡᠷᠭᠡ ᠪᠦᠯᠬᠦᠮ ᠤᠨ ᠬᠢᠨ ᠦᠯᠢᠭᠡᠷ ᠬᠡᠪ ᠲᠤ ᠵᠠᠳᠠᠯᠤᠯᠲᠠ ᠬᠢᠭᠰᠡᠨ ᠤ ᠳᠠᠷᠠᠭ᠎ᠠ᠂ ᠲᠡᠭᠦᠨ ᠤ ᠳᠣᠲᠣᠷ᠎ᠠ ᠠᠴᠠ 20 ᠭᠠᠷᠤᠶ ᠵᠥᠢᠯ ᠤᠨ ᠰᠢᠪᠲᠦᠷᠲᠦ ᠬᠦᠴᠢᠯ ᠢ ᠪᠠᠶᠢᠴᠠᠭᠠᠨ ᠤᠯᠵᠠᠢ᠃ ᠶᠠᠫᠣᠨ ᠤ ᠶᠤᠺᠤᠬᠠᠮᠠ ᠤᠯᠤᠰ ᠤᠨ ᠶᠡᠭᠡ ᠰᠤᠷᠭᠠᠭᠤᠯᠢ ᠶᠢᠨ ᠣᠳᠣᠨ ᠴᠣᠭᠴᠠᠰ ᠤᠨ ᠠᠮᠢᠳᠤ ᠪᠣᠳᠠᠰ ᠤᠨ ᠤᠬᠠᠭᠠᠨ ᠤ ᠨᠡᠷ᠎ᠡ ᠬᠦᠨᠳᠦᠲᠦ ᠫᠷᠤᠹᠧᠰᠰᠤᠷ ᠰᠢᠶᠤᠤ ᠯᠢᠨ ᠰᠢᠶᠠᠨ ᠵᠧᠩ ᠢᠯᠡᠷᠬᠡᠶᠢᠯᠡᠬᠦ ᠳᠡᠭᠡᠨ᠂ ᠳᠡᠯᠡᠬᠡᠶ ᠶᠢᠨ ᠪᠥᠮᠪᠥᠷᠴᠡᠭ ᠠᠴᠠ ᠭᠠᠳᠠᠨᠠᠬᠢ ᠣᠳᠣᠨ ᠴᠣᠭᠴᠠᠰ ᠳᠡᠭᠡᠷᠡᠬᠢ ᠣᠯᠠᠨ ᠵᠥᠢᠯ ᠤᠨ ᠰᠢᠪᠲᠦᠷᠲᠦ ᠬᠦᠴᠢᠯ ᠪᠣᠯ  ︽ᠲᠡᠦᠬᠡᠨ ᠳᠤ ᠭᠠᠷᠤᠭ᠎ᠠ ᠥᠬᠡᠶ︾ ᠭᠡᠳᠡᠭ ᠢ ᠣᠯᠵᠤ ᠮᠡᠳᠡᠭᠰᠡᠨ ᠪᠥᠭᠡᠳ ᠴᠢᠨᠠᠭᠰᠢᠯᠠᠪᠠᠯ ᠳᠡᠯᠡᠬᠡᠶ ᠶᠢᠨ ᠪᠥᠮᠪᠥᠷᠴᠡᠭ ᠠᠴᠠ ᠭᠠᠳᠠᠨ᠎ᠠ ᠠᠮᠢ ᠨᠠᠰᠤ ᠣᠷᠣᠰᠢᠵᠤ  ᠪᠠᠶᠢᠬᠤ ᠶᠢ ᠳᠠᠯᠳᠠᠭᠤᠷ ᠬᠠᠷᠠᠭᠤᠯᠵᠤ ᠪᠠᠶᠢᠭ᠎ᠠ ᠪᠠᠶᠢᠵᠦ ᠮᠡᠳᠡᠨ᠎ᠡ᠂ ︽ᠰᠢᠪᠲᠦᠷᠲᠦ ᠬᠦᠴᠢᠯ ᠵᠢᠵᠢᠭ ᠭᠠᠷᠠᠭ ᠣᠳᠣᠨ ᠤ ᠭᠠᠵᠠᠷ ᠳᠤᠤᠷ᠎ᠠ ᠣᠷᠣᠰᠢᠵᠤ ᠪᠠᠶᠢᠬᠤ ᠶᠢ ᠭᠡᠷᠡᠴᠢᠯᠡᠵᠦ᠂ ᠡᠲᠡᠭᠡᠷ  ᠨᠢᠭᠡᠳᠪᠦᠷᠢ ᠶᠢᠨ ᠰᠠᠨᠰᠠᠷ ᠠᠴᠠ ᠳᠡᠯᠡᠬᠡᠶ ᠶᠢᠨ ᠪᠥᠮᠪᠥᠷᠴᠡᠭ ᠲᠤ ᠬᠥᠷᠬᠦ‌‍ᠪᠣᠯᠤᠮᠵᠢ ᠶᠢ ᠨᠡᠮᠡᠭᠳᠡᠭᠦᠯᠦᠭᠰᠡᠨ ᠪᠠᠶᠢᠨ᠎ᠠ︾᠃ ᠡᠨᠡ ᠨᠢ ᠪᠠᠰᠠ ᠰᠢᠪᠲᠦᠷᠲᠦ  ᠬᠦᠴᠢᠯ ᠨᠢ ᠪᠤᠰᠤᠳ ᠭᠠᠷᠠᠭ ᠣᠳᠣ ᠪᠠ ᠪᠠᠶᠢᠭᠠᠯᠢ ᠶᠢᠨ ᠳᠠᠭᠠᠭᠤᠯᠢ ᠣᠳᠣᠨ ᠳᠡᠭᠡᠷ᠎ᠡ ᠣᠷᠣᠰᠢᠬᠤ ᠪᠣᠯᠤᠯᠴᠠᠭ᠎ᠠ ᠲᠠᠢ᠂ ︽ᠠᠮᠢ ᠨᠠᠰᠤ ᠣᠷᠴᠢᠯᠠᠩ ᠳᠤ ᠤᠤᠯ ᠤᠨ ᠲᠠᠨᠢᠵᠦ ᠪᠠᠶᠢᠭᠰᠠᠨ ᠠᠴᠠ ᠨᠡᠩ ᠣᠯᠠᠨ ᠭᠠᠵᠠᠷ ᠲᠤ ᠮᠡᠨᠲᠦᠯᠡᠬᠦ ᠪᠤᠯᠤᠮᠵᠢ ᠪᠤᠢ︾ ᠭᠡᠳᠡᠭ ᠢ  ᠳᠠᠯᠳᠠᠭᠤᠷ ᠢᠯᠡᠳᠭᠡᠵᠦ ᠪᠠᠶᠢᠵᠦ ᠮᠡᠳᠡᠨ᠎ᠡ ᠭᠡᠵᠡᠢ᠃  ᠰᠢᠪᠲᠦᠷᠲᠦ ᠬᠦᠴᠢᠯ ᠪᠣᠯ ᠤᠭᠤᠷᠠᠭ ᠤᠨ ᠪᠦᠷᠢᠯᠳᠦᠬᠦᠨ ᠬᠡᠰᠡᠭ ᠮᠥᠨ᠂  ᠠᠮᠢ  ᠨᠠᠰᠤ ᠶᠢ ᠪᠦᠷᠢᠯᠳᠦᠭᠦᠯᠬᠦ ᠳᠤ ᠳᠤᠲᠠᠭᠳᠠᠵᠤ ᠪᠣᠯᠤᠰᠢ ᠦᠭᠡᠢ ᠣᠷᠭᠠᠨᠢᠭ ᠮᠣᠯᠧᠺᠦ᠋ᠯ ᠮᠥᠨ᠃  ᠬᠡᠳᠦ᠋ᠢᠪᠡᠷ  ᠰᠢᠪᠲᠦᠷᠲᠦ  ᠬᠦᠴᠢᠯ  ᠬᠡᠷᠬᠢᠨ ᠡᠷᠲᠡᠨ ᠤ ᠳᠡᠯᠡᠬᠡᠶ ᠶᠢᠨ ᠪᠥᠮᠪᠥᠷᠴᠡᠭ ᠲᠤ ᠬᠦᠷᠦᠭᠰᠡᠨ ᠢ ᠬᠠᠷᠠᠬᠠᠨ ᠮᠡᠳᠡᠬᠦ ᠦᠭᠡᠢ ᠪᠣᠯᠪᠠᠴᠤ᠂ ᠨᠢᠭᠡ ᠵᠦᠢᠯ ᠤᠨ ᠤᠨᠤᠯ ᠤᠨ ᠦᠵᠡᠬᠦ ᠪᠠᠷ᠂ 46 ᠳ᠋ᠦᠩᠰᠢᠭᠤᠷ ᠵᠢᠯ ᠤᠨ ᠡᠮᠦᠨ᠎ᠡ ᠳᠡᠯᠡᠬᠡᠶ ᠶᠢᠨ ᠪᠥᠮᠪᠥᠷᠴᠡᠭ ᠪᠦᠷᠢᠯᠳᠦᠬᠦ ᠦᠶ᠎ᠡ ᠳᠤ ᠰᠢᠪᠲᠦᠷᠲᠦ ᠬᠦᠴᠢᠯ ᠨᠢᠭᠡᠨᠲᠡ ᠶᠡᠭᠡ ᠬᠡᠮᠵᠢᠶ᠎ᠡ ᠪᠠᠷ  ᠣᠷᠣᠰᠢᠵᠤ᠂  ᠳᠡᠯᠡᠬᠡᠶ ᠶᠢᠨ  ᠪᠥᠮᠪᠥᠷᠴᠡᠭ ᠮᠠᠭᠮᠠ ᠳᠤ ᠬᠤᠴᠢᠭᠳᠠᠭᠠᠳ ᠲᠦᠢᠯ ᠤᠨ  ᠠᠭᠠᠭᠢᠮ᠎ᠠ ᠬᠠᠯᠠᠭᠤᠨ ᠪᠣᠯᠤᠭᠰᠠᠨ ᠤ ᠳᠠᠷᠠᠭ᠎ᠠ ᠳᠠᠬᠢᠨ ᠣᠷᠣᠰᠢᠬᠤ ᠪᠠᠨ ᠪᠤᠯᠢᠵᠤ᠂ ᠳᠠᠷᠠᠭ᠎ᠠ ᠨᠢ ᠪᠠᠰᠠ ᠰᠣᠯᠢᠷ ᠤᠳᠤ  ᠭᠠᠳᠠᠭᠠᠳᠤ ᠣᠷᠴᠢᠯᠠᠩ ᠠᠴᠠ ᠳᠠᠬᠢᠨ ᠣᠷᠣᠵᠤ ᠢᠷᠡᠪᠡ᠃ ᠪᠠᠰᠠ ᠤᠨᠤᠯ ᠤᠨ ᠦᠵᠡᠬᠦ ᠪᠠᠷ᠂ ᠰᠢᠪᠲᠦᠷᠲᠦ ᠬᠦᠴᠢᠯ ᠤᠨ ᠲᠤᠰ ᠪᠡᠶ᠎ᠡ ᠨᠢ ᠳᠠᠷᠤᠢ ᠳᠡᠯᠡᠬᠡᠢ ᠶᠢᠨ ᠪᠥᠮᠪᠥᠷᠴᠡᠭ ᠤᠨ ᠭᠠᠳᠠᠷᠭᠤ ᠳᠡᠭᠡᠷ᠎ᠡ ᠣᠷᠣᠰᠢᠵᠤ ᠪᠠᠶᠢᠳᠠᠭ᠃             ᠲᠣᠰ ᠤᠳᠠᠭ᠎ᠠ᠂ ︽ᠱᠣᠩᠬᠤᠷ ᠰᠢᠪᠠᠭᠤ  2 ᠳ᠋ᠤᠭᠠᠷ︾ ᠤᠨ ᠴᠤᠭᠯᠠᠭᠤᠯᠤᠭᠰᠠᠨ ᠥᠯᠢᠭᠡᠷ  ᠬᠡᠪ ᠨᠢ  ᠨᠡᠷᠡᠨ ᠤ  ᠬᠡᠷᠡᠯ ᠪᠤᠶᠤ ᠰᠠᠨᠰᠠᠷ ᠤᠨ ᠰᠠᠴᠤᠷᠠᠭ ᠲᠤ ᠢᠳᠡᠭᠳᠡᠬᠦ ᠥᠬᠡᠶ ᠵᠢᠵᠢᠭ ᠭᠠᠷᠠᠭ ᠣᠳᠣᠨ ᠤ ᠭᠠᠵᠠᠷ ᠳᠤᠤᠷᠠᠬᠢ ᠪᠣᠳᠠᠰ ᠠᠴᠠ ᠢᠷᠡᠭᠰᠡᠨ ᠶᠤᠮ᠂ ᠲᠡᠭᠦᠨ ᠤ ᠵᠠᠳᠠᠯᠤᠯᠲᠠ ᠨᠢ ᠲᠡᠭᠦᠨ ᠢ ᠳᠡᠯᠡᠬᠡᠶ ᠶᠢᠨ ᠪᠥᠮᠪᠥᠷᠴᠡᠭ ᠤᠨ ᠠᠭᠠᠷ ᠳᠣᠲᠣᠷ᠎ᠠ ᠢᠯᠡᠷᠡᠭᠦᠯᠦᠭᠰᠡᠨ ᠥᠬᠡᠶ ᠪᠠᠶᠢᠳᠠᠯ ᠳᠤᠤᠷ᠎ᠠ ᠶᠠᠪᠤᠭᠳᠠᠭᠰᠠᠨ ᠶᠤᠮ᠂ ᠡᠨᠡ ᠨᠢ ᠰᠤᠳᠤᠯᠭᠠᠲᠠᠳ ᠤᠨ ᠠᠩᠬ᠎ᠠ ᠤᠳᠠᠭ᠎ᠠ ᠭᠠᠳᠠᠷ ᠳᠠᠪᠬᠤᠷᠭ᠎ᠠ ᠶᠢᠨ ᠣᠷᠣᠨ ᠵᠠᠶ ᠳᠤ ᠪᠠᠰᠠ ᠠᠮᠢ ᠨᠠᠰᠤᠨ ᠤ ᠪᠦᠷᠢᠯᠳᠦᠬᠦᠨ ᠬᠡᠰᠡᠭ ᠣᠷᠣᠰᠢᠵᠤ ᠪᠠᠶᠢᠬᠤ ᠶᠢ ᠭᠡᠷᠡᠴᠢᠯᠡᠭᠰᠡᠨ ᠢ ᠬᠠᠷᠠᠭᠤᠯᠵᠤ ᠪᠠᠶᠢᠨ᠎ᠠ᠃             ︿ᠯᠤᠤᠰ ᠤᠨ ᠣᠷᠳᠣᠨ﹀ ᠤ ᠦᠯᠢᠭᠡᠷ ᠬᠡᠪ ᠤᠨ ᠲᠤᠭ᠎ᠠ ᠪᠠᠷᠢᠮᠲᠠ ᠳᠤ ᠨᠡᠩ ᠣᠯᠠᠨ ᠵᠠᠳᠠᠯᠤᠯᠲᠠ ᠬᠢᠬᠦ ᠶᠢ ᠳᠠᠭᠠᠯᠳᠤᠨ ᠰᠢᠨᠵᠢᠯᠡᠬᠦ ᠤᠬᠠᠭᠠᠨᠲᠠᠳ ᠡᠨᠡ ᠵᠢᠵᠢᠭ ᠭᠠᠷᠠᠭ ᠣᠳᠣ ᠶᠢᠨ ᠪᠦᠷᠢᠯᠳᠦᠯ ᠪᠣᠯᠤᠨ ᠬᠡᠷᠬᠢᠨ ᠪᠦᠷᠢᠯᠳᠦᠭᠰᠡᠨ ᠲᠤᠬᠠᠶ ᠨᠡᠩ ᠣᠯᠠᠨ ᠰᠤᠷᠠᠭ ᠵᠠᠩᠭᠢ ᠶᠢ ᠣᠯᠬᠤ ᠪᠣᠯᠤᠨ᠎ᠠ᠃ ︽ᠯᠤᠤᠰ ᠤᠨ ᠣᠷᠳᠣᠨ︾ ᠤ ᠥᠯᠢᠭᠡᠷ ᠡᠳ᠋ ᠤᠨ ᠦᠷ᠎ᠡ ᠳ᠋ᠦᠩ ᠢ ᠪᠠᠭ᠎ᠠ ᠭᠠᠷᠠᠭ ᠣᠲᠣ ︽ᠪᠤᠨᠦ᠋︾ ᠠᠴᠠ ᠴᠤᠭᠯᠠᠭᠤᠯᠤᠭᠰᠠᠨ ᠥᠯᠢᠭᠡᠷ ᠡᠳ᠋ ᠲᠠᠢ ᠬᠠᠷᠢᠴᠠᠭᠤᠯᠬᠤ ᠪᠠᠷ ᠳᠡᠮᠵᠢᠨ᠂ ᠣᠷᠴᠢᠯᠠᠩ ᠳᠠᠬᠢ ᠡᠯ᠎ᠡ ᠵᠥᠢᠯ ᠤᠨ ᠬᠢᠮᠢ ᠶᠢᠨ ᠬᠤᠯᠢᠮᠠᠭ ᠪᠣᠳᠠᠰ ᠵᠢᠴᠢ ᠠᠮᠢ ᠨᠠᠰᠤ ᠬᠡᠷᠬᠢᠨ ᠡᠭᠦᠰᠦᠭᠰᠡᠨ ᠢ ᠰᠢᠨᠵᠢᠯᠡᠬᠦ ᠤᠬᠠᠭᠠᠨᠲᠠᠳ ᠨᠠᠩ ᠰᠠᠶᠢᠨ ᠣᠶᠢᠯᠠᠭᠠᠬᠤ ᠪᠣᠯᠤᠨ᠎ᠠ ᠃
ᠢᠷᠡᠯᠲᠡ᠄ ᠠᠷᠠᠳ ᠤᠨ ᠰᠦᠯᠵᠢᠶ᠎ᠡ