ᠫᠠᠩ ᠾᠦᠢ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠬᠠᠳᠤᠨ ᠭᠤᠤᠯ ᠤᠨ ᠦᠶᠡᠷ ᠢ ᠰᠡᠷᠭᠡᠶᠢᠯᠡᠬᠦ ᠪᠡᠯᠡᠳᠬᠡᠯ ᠪᠠ ᠭᠤᠤᠯ ᠤᠨ ᠵᠠᠮ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/13
     6 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠫᠠᠩ ᠾᠦᠢ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠵᠢᠴᠢ ᠭᠤᠤᠯ ᠤᠨ ᠵᠠᠮ ᠢ ᠴᠡᠭᠴᠡᠯᠡᠨ ᠵᠠᠰᠠᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ 
庞辉调研1.jpg
    ᠫᠠᠩ ᠾᠦᠢ ᠨᠠᠷ ᠪᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ ᠵᠢᠴᠢ ᠬᠤᠲᠠ ᠬᠤᠰᠢᠭᠤ ᠬᠤᠶᠠᠷ ᠱᠠᠲᠤᠨ ᠤ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠢᠳ ᠬᠤᠵᠢᠳ ᠰᠠᠨ ᠬᠤ᠋ ᠾᠧ ᠭᠤᠤᠯ ᠤᠨ ᠤᠰᠤᠨ ᠰᠢᠨᠵᠢᠯᠡᠭᠡᠨ ᠤ ᠥᠷᠲᠡᠭᠡ᠂ ᠰᠠᠨ ᠬᠤ᠋ ᠾᠧ ᠭᠤᠤᠯ ᠤᠨ ᠠᠶᠤᠯᠲᠠᠶ ᠬᠡᠰᠡᠭ᠂ ᠰᠢᠶᠠᠨ ᠹᠧᠩ ᠪᠠᠯᠭᠠᠰᠤ᠂ ᠪᠠᠷᠠᠭᠤᠨ ᠵᠣᠣ  ᠪᠠᠯᠭᠠᠰᠣᠨ ᠤ ᠲᠠᠩ ᠢ ᠴᠠᠭᠠᠵᠠᠯᠠᠬᠤ ᠣᠷᠣᠨ ᠵᠡᠷᠭᠡ ᠭᠠᠵᠠᠷ ᠲᠤ ᠬᠦᠷᠴᠦ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ᠂ ᠭᠤᠤᠯ ᠤᠨ ᠵᠠᠮ ᠢ ᠴᠡᠭᠴᠡᠯᠡᠨ ᠵᠠᠰᠠᠬᠤ᠂ ᠥᠨᠳᠥᠷ ᠡᠰᠢ ᠲᠠᠢ ᠲᠠᠷᠢᠮᠠᠯ ᠳᠠᠷᠢᠬᠤ ᠶᠢ ᠴᠠᠭᠠᠵᠠᠯᠠᠬᠤ ᠵᠢᠴᠢ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠫᠠᠩ ᠾᠦᠢ ᠠᠴᠠ᠂ ᠦᠶᠡᠷ ᠢ ᠰᠡᠷᠭᠡᠶᠢᠯᠡᠬᠦ ᠬᠤᠭᠤᠴᠠᠭᠠᠨ ᠳᠤ ᠤᠷᠤᠬᠰᠠᠨ ᠤ ᠲᠠᠷᠠᠭ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠣᠯᠭᠠᠮ᠎ᠠ ᠴᠢᠨᠠᠷ ᠢ ᠭᠦᠢᠴᠡᠳ ᠲᠠᠨᠢᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠦᠷᠭᠡ ᠶᠢ ᠬᠥᠮᠦᠨ ᠳᠤᠨᠢ ᠳᠠᠭᠠᠭᠠᠯᠭᠠᠵᠤ᠂ ᠬᠠᠷᠢᠭᠤᠴᠠᠯᠭ᠎ᠠ ᠶᠢ ᠬᠥᠮᠦᠨ ᠳᠤᠨᠢ ᠳᠠᠭᠠᠭᠠᠯᠭᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠴᠠᠭ ᠠᠭᠤᠷ᠂ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠴᠢᠭᠯᠡᠬᠦᠯᠦᠯᠳᠦ ᠴᠢᠨᠠᠷᠲᠠᠢ ᠠᠷᠭᠠᠴᠠᠭᠠᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠳᠤᠷᠠᠳᠴᠤ᠂ ᠬᠠᠳᠤᠨ ᠭᠤᠣᠯ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠬᠠᠲᠤᠨ ᠭᠤᠤᠯ ᠤᠨ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠦᠨᠡᠨ ᠬᠦ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠬᠦ ᠪᠡᠯᠡᠳᠬᠡᠯ ᠠᠷᠭ᠎ᠠ ᠬᠡᠮᠵᠢᠶ᠎ᠡ ᠶᠢ ᠴᠢᠩᠭᠠᠳᠬᠠᠨ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠬᠦᠢᠴᠡᠳ ᠪᠡᠯᠡᠳᠬᠡᠬᠦ᠂ ᠰᠢᠯᠵᠢᠭᠦᠯᠵᠦ ᠳᠡᠶᠢᠯᠬᠦ᠂ ᠲᠡᠭᠡᠭᠡᠪᠦᠷᠢᠯᠡᠵᠦ ᠳᠡᠶᠢᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠡᠷᠬᠢᠨ ᠲᠣᠭᠤᠷᠢᠨ ᠤ ᠣᠯᠠᠨ ᠲᠦᠮᠡᠨ ᠤ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠳᠤ ᠣᠷᠣᠯᠴᠠᠬᠤ ᠢᠳᠡᠪᠬᠢᠵᠢᠯ ᠢ ᠬᠦᠢᠴᠡᠳ ᠳᠠᠶᠢᠴᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠲᠡᠶ ᠬᠡᠮᠡᠨ ᠵᠢᠭᠠᠵᠤ ᠭᠠᠷᠭᠠᠭᠰᠠᠨ ᠪᠠᠶᠢᠨ᠎ᠠ᠃

庞辉调研2.jpg

    

      ᠲᠡᠷᠡ ᠱᠠᠭᠠᠷᠳᠠᠭᠰᠠᠨ ᠨᠢ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠪᠣᠯᠤᠨ  ᠬᠤᠯᠪᠣᠭᠳᠠᠯ ᠪᠥᠬᠦᠶ ᠰᠤᠮᠤ

ᠪᠠᠯᠭᠠᠰᠤ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠪᠠᠷᠢᠯ ᠤᠨ ᠲᠠᠯ᠎ᠠ ᠪᠠᠷ ᠳᠠᠬᠢᠨ ᠴᠢᠩᠭᠠᠳᠬᠠᠵᠤ᠂ ᠬᠠᠲᠤᠨ

ᠭᠤᠤᠯ ᠤᠨ ᠲᠠᠩ ᠤᠨ ᠣᠷᠣᠨ ᠤ ᠨᠡᠷᠡᠨ ᠬᠤᠸᠠᠷ ᠳᠠᠷᠢᠬᠤ ᠠᠴᠠ ᠡᠮᠦᠨᠡᠬᠢ ᠰᠢᠵᠢᠷ ᠠᠯᠲᠠᠨ ᠴᠠᠭ ᠢ ᠠᠳᠬᠤᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠ

ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠢ ᠪᠦᠲᠦᠮᠵᠢᠲᠡᠶ ᠳᠠᠶᠢᠴᠢᠯᠠᠨ ᠲᠠᠩ ‍ᠤᠨ‌‍ᠲ᠋ᠠᠷᠢᠬᠤ ᠶᠢ

ᠴᠠᠭᠠᠵᠠᠯᠠᠬᠤ ᠣᠷᠣᠨ᠂ ᠳᠠᠷᠢᠬᠤ ᠶᠢ ᠴᠠᠭᠠᠵᠠᠯᠠᠬᠤ ᠣᠷᠣᠨ ᠵᠢᠴᠢ ︽ᠳᠥᠷᠪᠡ ᠶᠢ ᠡᠵᠡᠮᠳᠡᠬᠦ︾ ᠵᠡᠷᠭᠡ ᠡᠯ᠎ᠡ  ᠵᠦᠢᠯ ᠤᠨ ᠱᠠᠭᠠᠷᠳᠠᠯᠭ᠎ᠠ ᠶᠢ

ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠲᠠᠩ ᠤᠨ ᠣᠷᠣᠨ ᠤ ᠵᠠᠰᠠᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠭᠤᠤᠯ ᠤᠨ ᠵᠠᠮ ᠤᠨ

ᠦᠶᠡᠷ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠡᠭᠦᠨ ᠤ ᠬᠠᠮᠲᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ

ᠮᠥᠴᠢᠷ ᠤᠳ ᠬᠠᠲᠤᠨ ᠭᠤᠤᠯ ᠤᠨ ᠲᠠᠩ ᠭᠠᠵᠠᠷ ᠤᠨ ᠳᠠᠷᠢᠬᠤ ᠶᠢ ᠴᠠᠭᠠᠵᠠᠯᠠᠬᠤ ᠬᠢᠵᠠᠭᠠᠷᠯᠠᠬᠤ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠢᠯ ᠤᠨ

ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠨᠢ ᠲᠣᠳᠣᠷᠬᠠᠶ᠂ ᠵᠣᠬᠢᠴᠠᠭᠤᠯᠭ᠎ᠠ ᠨᠢ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠴᠢᠩᠭ᠎ᠠ᠂

ᠬᠠᠮᠠᠭᠠᠯᠠᠯᠲᠠ ᠨᠢ ᠬᠦᠴᠦᠲᠡᠶ ᠬᠠᠲᠤᠨ ᠭᠤᠤᠯ ᠤᠨ ᠭᠤᠤᠯ ᠤᠨ ᠵᠠᠮ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ

ᠪᠠᠶᠢᠭᠤᠯᠬᠤ ᠬᠡᠷᠡᠭᠲᠡᠶ ᠬᠡᠰᠡᠨ ᠪᠠᠶᠢᠨ᠎ᠠ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ